ᠲᠠᠶᠢᠹᠤᠰᠧ ᠬᠤᠰᠢᠭᠤᠨ ᠤ ᠰᠤᠷᠭᠠᠨ ᠬᠥᠮᠦᠵᠢᠯ ᠤᠨ ᠰᠢᠰᠲ᠋ᠧᠮ ᠤᠨ ︽ᠳᠡᠯᠡᠬᠡᠶ ᠶᠢᠨ ᠨᠣᠮ ᠤᠩᠰᠢᠬᠤ ᠡᠳᠦᠷ︾  ᠢ ᠲᠡᠮᠳᠡᠭᠯᠡᠬᠦ ᠠᠵᠢᠯᠯᠠᠭ᠎ᠠ
ᠨᠡᠶᠢᠲᠡᠯᠡᠭᠰᠡᠨ ᠴᠠᠭ᠄
2025/4/24
    4 ᠰᠠᠷ᠎ᠠ ᠶᠢᠨ 23 ᠤ ᠡᠳᠦᠷ ᠪᠣᠯ ᠭᠤᠴᠢᠳᠠᠬᠢ ︽ᠳᠡᠯᠡᠬᠡᠶ ᠶᠢᠨ ᠨᠣᠮ ᠤᠩᠰᠢᠬᠤ ᠡᠳᠦᠷ︾ ᠪᠣᠯᠤᠨ᠎ᠠ᠃ ᠪᠥᠬᠦ ᠬᠤᠰᠢᠭᠤᠨ ᠤ ᠰᠤᠷᠭᠠᠨ ᠬᠥᠮᠦᠵᠢᠯ ᠤᠨ ᠰᠢᠰᠲ᠋ᠧᠮ ᠤᠨ ︽ᠪᠢᠴᠢᠭ ᠤᠨ ᠰᠤᠷᠪᠤᠯᠵᠢᠲᠤ ᠰᠤᠷᠭᠠᠭᠤᠯᠢ ᠶᠢᠨ ᠬᠦᠷᠢᠶᠡᠨ︾ ᠤ ᠪᠥᠲᠥᠭᠡᠨ ᠪᠠᠶᠢᠭᠤᠯᠤᠯᠲᠠ ᠶᠢᠨ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠵᠦ᠂ ᠵᠢᠱᠢᠶ᠎ᠡ ᠦᠵᠡᠭᠦᠯᠬᠦ ᠰᠤᠷᠭᠠᠭᠤᠯᠢ ᠶᠢᠨ ᠲᠠᠭᠠᠭᠤᠯᠭ᠎ᠠ ᠶᠢᠨ ᠦᠢᠯᠡᠳᠦᠯ ᠢ ᠪᠠᠳᠠᠷᠠᠭᠤᠯᠤᠨ᠂ ᠨᠣᠮ ᠤᠩᠰᠢᠬᠤ ᠭᠦᠨ ᠵᠤᠵᠠᠭᠠᠨ ᠠᠭᠤᠷ ᠠᠮᠢᠰᠬᠤᠯ ᠢ ᠪᠣᠶ ᠪᠣᠯᠭᠠᠬᠤ ᠶᠢᠨ ᠲᠥᠯᠥᠭᠡ᠂ 4 ᠰᠠᠷ᠎ᠠ ᠶᠢᠨ 23 ᠤ ᠡᠳᠦᠷ ᠲᠠᠶᠢᠹᠤᠰᠧ ᠬᠤᠰᠢᠭᠤᠨ ᠤ ᠰᠤᠷᠭᠠᠨ ᠬᠥᠮᠦᠵᠢᠯ ᠤᠨ ᠰᠢᠰᠲ᠋ᠧᠮ ᠤᠨ ᠬᠢᠨ 2025 ᠣᠨ ᠤ ︽ᠳᠡᠯᠡᠬᠡᠶ ᠶᠢᠨ ᠨᠣᠮ ᠤᠩᠰᠢᠬᠤ ᠡᠳᠦᠷ︾ ᠵᠢᠴᠢ ︽ᠪᠢᠴᠢᠭ ᠤᠨ ᠰᠤᠷᠪᠤᠯᠵᠢᠲᠤ ᠰᠤᠷᠭᠠᠭᠤᠯᠢ ᠶᠢᠨ ᠬᠦᠷᠢᠶᠡᠨ︾ ᠤ ᠪᠥᠲᠥᠭᠡᠨ ᠪᠠᠶᠢᠭᠤᠯᠤᠯᠲᠠ ᠶᠢᠨ ᠦᠷ᠎ᠡ ᠪᠦᠲᠦᠭᠡᠯ ᠤᠨ ᠦᠵᠡᠭᠦᠯᠭᠡ ᠶᠢᠨ ᠠᠵᠢᠯᠯᠠᠭ᠎ᠠ ᠡᠷᠬᠢᠯᠡᠪᠡ᠃  ᠰᠤᠷᠭᠠᠨ ᠬᠥᠮᠦᠵᠢᠯ ᠤᠨ ᠲᠤᠪᠴᠢᠶᠠᠨ ᠤ ᠬᠠᠮᠢᠶ᠎ᠠ ᠪᠥᠬᠦᠶ ᠬᠠᠷᠢᠭᠤᠴᠠᠯᠭᠠᠲᠠᠨ᠂ ᠡᠯ᠎ᠡ ᠳᠤᠮᠳᠠᠳᠤ ᠪᠠᠭ᠎ᠠ ᠰᠤᠷᠭᠠᠭᠤᠯᠢ᠂ ᠬᠡᠤᠬᠡᠳ ᠤᠨ ᠴᠡᠴᠡᠷᠯᠢᠭ ᠤᠨ ᠵᠠᠬᠢᠷᠤᠯ  ᠂ ᠬᠤᠪᠢᠳᠠᠨ ᠬᠠᠮᠢᠶᠠᠷᠴᠤ ᠪᠠᠶᠢᠭ᠎ᠠ ᠳᠡᠳ᠋ ᠵᠠᠬᠢᠷᠤᠯ ᠵᠢᠴᠢ ᠪᠠᠭᠰᠢ᠂ ᠰᠣᠷᠣᠭᠴᠢ᠂ ᠬᠡᠷ ᠤᠨ ᠠᠬᠠᠮᠠᠳ ᠨᠡᠶᠢᠲᠡ 300 ᠭᠠᠷᠤᠶ ᠬᠥᠮᠦᠨ ᠠᠵᠢᠯᠯᠠᠭ᠎ᠠ ᠳᠤ ᠣᠷᠣᠯᠴᠠᠵᠠᠶ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号