ᠲᠠᠶᠢᠹᠤᠰᠧ ᠬᠤᠰᠢᠭᠤᠨ ᠤ ᠬᠢᠨ ᠠᠯᠪᠠᠨ ᠵᠢᠷᠤᠮ ᠤᠨ ᠮᠣᠳᠣ ᠲᠠᠷᠢᠬᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2025/4/25
    2025 ᠤᠨ ᠪᠣᠯ ᠪᠥᠬᠦ ᠠᠷᠠᠳ ᠤᠨ ᠠᠯᠪᠠᠨ ᠵᠢᠷᠤᠮ ᠤᠨ ᠮᠣᠳᠣ ᠳᠠᠷᠢᠬᠤ ᠬᠥᠳᠡᠯᠭᠡᠭᠡᠨ ᠢ ᠥᠷᠨᠢᠭᠦᠯᠦᠭᠰᠡᠨ 44 ᠵᠢᠯ ᠤᠨ ᠣᠶ ᠪᠣᠯᠤᠨ᠎ᠠ᠃ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠪᠣᠯᠣᠨ ᠶᠡᠷᠦᠩᠬᠡᠢ ᠱᠦᠵᠢ ᠰᠢ ᠶᠢᠨ ᠫᠢᠩ ᠤᠨ ᠪᠦᠬᠦ ᠠᠷᠠᠳ ᠤᠨ ᠠᠯᠪᠠᠨ ᠵᠢᠷᠤᠮ ᠤᠨ ᠮᠣᠳᠣ ᠲᠠᠷᠢᠬᠤ ᠠᠵᠢᠯᠯᠠᠭ᠎ᠠ ᠶᠢ ᠥᠷᠨᠢᠭᠦᠯᠬᠦ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ︽ᠬᠥᠬᠡᠮᠳᠦᠭ ᠨᠣᠭᠤᠭᠠᠨ ᠠᠭᠤᠯᠠ ᠤᠰᠤ ᠪᠣᠯ ᠠᠯᠳᠠ ᠮᠥᠩᠭᠦᠨ ᠠᠭᠤᠯᠠ︾  ᠬᠡᠮᠡᠬᠦ ᠣᠶᠢᠯᠠᠭᠠᠭᠳᠠᠬᠤᠨ ᠢ ᠦᠢᠯᠡᠳᠦᠯᠭᠡᠵᠢᠭᠦᠯᠵᠦ᠂  ᠮᠤᠳᠤ ᠲᠠᠷᠢᠵᠤ ᠨᠤᠭᠤᠭᠠᠷᠠᠭᠤᠯᠬᠤ᠂ ᠤᠢ ᠮᠤᠳᠤ ᠶᠢ ᠬᠠᠶᠢᠷᠠᠯᠠᠨ ᠬᠠᠮᠠᠭᠠᠯᠠᠬᠤ ᠰᠠᠶᠢᠨ ᠰᠠᠶᠢᠬᠠᠨ ᠠᠭᠤᠷ ᠠᠮᠢᠰᠬᠤᠯ ᠢ  ᠨᠡᠶᠢᠬᠡᠮ ᠲᠠᠶᠠᠭᠠᠷ ᠲᠤ ᠪᠣᠶ ᠪᠣᠯᠭᠠᠬᠤ ᠶᠢᠨ ᠲᠥᠯᠥᠭᠡ᠂ 4 ᠰᠠᠷ᠎ᠠ ᠶᠢᠨ 24᠎ ᠤ ᠡᠳᠦᠷ ᠲᠠᠶᠢᠹᠤᠰᠧ ᠬᠤᠰᠢᠭᠤᠨ ᠤ  ᠎ ᠬᠢᠨ 2025 ᠣᠨ ᠤ ᠪᠥᠬᠦ ᠠᠷᠠᠳ ᠤᠨ ᠠᠯᠪᠠᠨ ᠵᠢᠷᠤᠮ ᠤᠨ ᠮᠣᠳᠣ ᠲᠠᠷᠢᠬᠤ ᠠᠵᠢᠯᠯᠠᠭ᠎ᠠ ᠦᠷᠨᠢᠬᠦᠯᠵᠡᠢ᠃ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤ ᠳᠠᠷᠤᠭ᠎ᠠ ᠵᠠᠩ ᠶᠦᠩ ᡁᠢ᠂ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠯᠢ ᠵᠠᠨ ᠪᠦᠦ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂  ᠳᠡᠳ᠋ ᠬᠤᠰᠢᠭᠤ ᠳᠠᠷᠤᠭ᠎ᠠ ᠰᠦᠨ ᠶᠠᠨ ᠵᠡᠷᠭᠡ ᠳᠥᠷᠪᠡᠨ ᠶᠡᠭᠡ ᠪᠠᠭ ᠤᠨ ᠤᠳᠤᠷᠢᠳᠤᠯᠭ᠎ᠠ ᠨᠠᠷ ᠲᠠᠶᠢᠹᠤᠰᠧ ᠬᠤᠰᠢᠭᠤᠨ ᠤ ᠤᠯᠤᠰ ᠤᠨ ᠡᠵᠡᠩᠨᠡᠯᠳᠦ ᠣᠢ ᠰᠢᠭᠤᠢ ᠶᠢᠨ ᠲᠠᠯᠠᠪᠠᠢ ᠳᠤ ᠬᠦᠷᠴᠦ᠂ ᠪᠥᠬᠦ ᠬᠤᠰᠢᠭᠤᠨ ᠤ ᠥᠷᠭᠡᠨ ᠣᠯᠠᠨ ᠺᠠᠳ᠋ᠷ ᠠᠵᠢᠯᠲᠠᠨ ᠲᠠᠢ ᠬᠠᠮᠲᠤᠪᠠᠷ ᠮᠤᠳᠤ ᠲᠠᠷᠢᠬᠤ ᠠᠵᠢᠯᠯᠠᠭ᠎ᠠ ᠳᠤ ᠤᠷᠤᠯᠴᠠᠭᠠᠳ᠂ ᠦᠵᠡᠰᠬᠦᠯᠡᠩᠲᠦ ᠰᠠᠶᠢᠬᠠᠨ ᠲᠠᠶᠢᠹᠤᠰᠧ ᠬᠤᠰᠢᠭᠤᠨ ᠤ ᠪᠠᠶᠢᠭᠤᠯᠤᠯᠳᠠ ᠳᠤ ᠬᠦᠴᠦᠨ ᠨᠡᠮᠡᠷᠢᠯᠡᠭᠰᠡᠨ ᠪᠠᠶᠢᠨ᠎ᠠ᠃        ᠤᠶᠢᠷ᠎ᠠ ᠶᠢᠨ ᠵᠢᠯ ᠳᠤ᠂ ᠲᠠᠶᠢᠹᠤᠰᠧ ᠬᠤᠰᠢᠭᠤ ᠨᠢ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠪᠠ ᠪᠠᠢᠭᠤᠯᠤᠯᠲᠠ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ᠂ ᠠᠮᠢ ᠠᠬᠤᠢ ᠶᠢ ᠲᠡᠷᠢᠭᠦᠨ ᠳᠤ ᠲᠠᠯᠪᠢᠭᠰᠠᠨ ᠪᠣᠬᠢᠷᠲᠤᠯ ᠥᠬᠡᠢ ᠬᠥᠭᠵᠢᠭᠦᠯᠬᠦ ᠣᠢᠯᠠᠭᠠᠭᠳᠠᠬᠤᠨ ᠢ ᠢᠮᠠᠭᠲᠠ ᠪᠠᠷᠢᠮᠲᠠᠯᠠᠵᠤ᠂ ᠮᠣᠳᠣ ᠲᠠᠷᠢᠵᠤ ᠨᠤᠭᠤᠭᠠᠷᠠᠭᠤᠯᠬᠤ ᠠᠵᠢᠯ ᠤᠨ ᠡᠷᠴᠢᠮ ᠢ ᠲᠠᠰᠤᠷᠠᠯᠳᠠ ᠦᠬᠡᠢ ᠴᠢᠩᠭᠠᠷᠠᠭᠤᠯᠤᠨ᠂ ᠤᠯᠤᠰ ᠤᠨ ᠭᠠᠵᠠᠷ ᠰᠢᠷᠤᠢ ᠶᠢᠨ ᠣᠷᠣᠨ ᠵᠠᠢ ᠶᠢᠨ ᠨᠣᠭᠤᠭᠠᠷᠠᠭᠤᠯᠤᠯᠲᠠ ᠶᠢᠨ ᠢᠨᠵᠧᠨᠧᠷᠢᠩ ᠢ ᠭᠦᠨᠵᠡᠭᠡᠢ ᠠᠬᠢᠭᠤᠯᠵᠤ ᠢᠷᠡᠭᠰᠡᠨ ᠪᠠᠶᠢᠨ᠎ᠠ᠃ ᠠᠯᠢ ᠣᠯᠠᠨ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠬᠡᠷᠡᠭᠵᠢᠭᠦᠯᠦᠭᠰᠡᠨ ᠤ ᠠᠴᠢ ᠲᠤᠰᠠ ᠬᠢᠭᠡᠳ ᠪᠥᠬᠦ ᠨᠡᠶᠢᠭᠡᠮ ᠤᠨ ᠬᠠᠮᠲᠤ ᠶᠢᠨ ᠴᠢᠷᠮᠠᠶᠢᠯᠭ᠎ᠠ ᠪᠠᠷ ᠲᠠᠮᠵᠢᠭᠠᠳ᠂  ᠲᠠᠶᠢᠹᠤᠰᠧ ᠬᠤᠰᠢᠭᠤᠨ ᠤ ᠣᠶ ᠰᠢᠭᠤᠶ ᠶᠢᠨ ᠪᠦᠷᠬᠦᠴᠡ ᠡᠳᠦᠷ ᠢᠷᠡᠬᠦᠶ᠎ᠡ ᠲᠡᠭᠡᠭᠰᠢᠯᠡᠵᠦ᠂ ᠠᠮᠢ ᠠᠬᠤᠶ ᠣᠷᠴᠢᠨ ᠲᠣᠭᠤᠷᠢᠨ ᠤ ᠶᠠᠰᠤ ᠴᠢᠨᠠᠷ ᠮᠡᠳᠡᠭᠳᠡᠮ᠎ᠡ ᠰᠠᠶᠢᠵᠢᠷᠠᠵᠠᠢ᠃     ᠳᠣᠲᠣᠭᠠᠳᠤ ᠶᠢ ᠬᠠᠮᠠᠭᠠᠯᠠᠬᠤ  ᠲᠤᠪᠴᠢᠶᠠᠨ ᠤ ᠠᠯᠪᠠᠨ ᠭᠡᠷ ᠤᠨ ᠡᠷᠬᠢᠯᠡᠭᠴᠢ ᠰᠦᠨ ᠯᠢᠶᠠᠨ ᠢᠦ᠄ ︽ ᠡᠨᠡ ᠤᠳᠠᠭᠠᠨ ᠤ ᠮᠣᠳᠣ ᠲᠠᠷᠢᠬᠤ ᠠᠵᠢᠯᠯᠠᠭ᠎ᠠ ᠳᠤ ᠮᠠᠨ ᠤ ᠲᠤᠪᠴᠢᠶ᠎ᠠ ᠨᠢ 100 ᠭᠠᠷᠤᠢ ᠴᠠᠭᠳᠠᠭ᠎ᠠ ᠶᠢ ᠵᠤᠬᠢᠶᠠᠨ ᠪᠠᠶᠢᠭᠤᠯᠵᠤ  ᠤᠷᠤᠯᠴᠠᠭᠠᠳ 600 ᠭᠠᠷᠤᠢ ᠰᠠᠭᠤᠷᠢ ᠮᠣᠳᠣ ᠲᠠᠷᠢᠯ᠎ᠠ᠃ ᠠᠯᠪᠠᠨ ᠵᠢᠷᠤᠮ ᠤᠨ ᠮᠣᠳᠤ ᠲᠠᠷᠢᠬᠤ ᠠᠵᠢᠯᠯᠠᠭ᠎ᠠ ᠳᠤ ᠣᠷᠤᠯᠴᠠᠬᠤ ᠨᠢ ᠣᠨᠴᠠᠭᠠᠢ ᠤᠳᠬ᠎ᠠ ᠠᠭᠤᠯᠭ᠎ᠠ ᠲᠠᠢ ᠰᠠᠨᠠᠭᠳᠠᠨ᠎ᠠ᠃ ᠠᠷᠠᠳ ᠤᠨ ᠴᠠᠭᠳᠠᠭ᠎ᠠ ᠪᠣᠯᠤᠭᠰᠠᠨ ᠤ ᠬᠤᠪᠢ ᠳᠤ᠂ ᠪᠢᠳᠡ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠦᠢᠯᠡᠰ ᠲᠤ ᠢᠳᠡᠪᠬᠢᠲᠡᠢ ᠣᠷᠣᠯᠴᠠᠵᠤ᠂ ᠬᠥᠬᠡᠮᠳᠦᠭ ᠨᠣᠭᠤᠭᠠᠨ ᠠᠭᠤᠯᠠ ᠤᠰᠤ ᠪᠠᠨ ᠰᠠᠬᠢᠨ ᠬᠠᠮᠠᠭᠠᠯᠠᠬᠤ ᠡᠭᠦᠷᠭᠡ ᠬᠠᠷᠢᠭᠤᠴᠠᠯᠭ᠎ᠠ ᠶᠢ ᠰᠠᠶᠢᠳᠤᠷ ᠭᠦᠢᠴᠡᠳᠬᠡᠪᠡᠯ ᠵᠣᠬᠢᠨ᠎ᠠ᠃  ᠮᠦᠨ ᠴᠤ ᠨᠡᠶᠢᠭᠡᠮ ᠤᠨ ᠡᠯ᠎ᠡ ᠡᠲᠡᠭᠡᠳ ᠤᠨ ᠬᠢᠨ ᠢ ᠠᠯᠪᠠᠨ ᠵᠢᠷᠤᠮ ᠤᠨ ᠮᠣᠳᠣ ᠳᠠᠷᠢᠬᠤ ᠠᠵᠢᠯᠯᠠᠭ᠎ᠠ ᠳᠤ ᠬᠠᠮᠲᠤ ᠪᠠᠷ ᠣᠷᠣᠯᠴᠠᠵᠤ᠂ ᠲᠠᠶᠢᠹᠤᠰᠧ ᠬᠤᠰᠢᠭᠤᠨ ᠤ ᠪᠠᠨ ᠪᠣᠬᠢᠷᠲᠤᠯ ᠥᠬᠡᠶ ᠬᠥᠭᠵᠢᠯᠲᠡ᠂ ᠠᠮᠢ ᠠᠬᠤᠶ ᠶᠢᠨ ᠬᠠᠮᠠᠭᠠᠯᠠᠯᠲᠠ ᠳᠤ  ᠦᠪᠡᠷ ᠥᠪᠡᠷ ᠤᠨ ᠬᠦᠴᠦᠨ ᠴᠢᠳᠠᠯ ᠢᠶᠠᠨ ᠡᠷᠬᠦᠳᠦᠭᠡᠢ ᠬᠡᠮᠡᠨ ᠤᠷᠢᠶᠠᠯᠠᠵᠤ ᠪᠠᠶᠢᠨ᠎ᠠ︾᠃     ᠣᠢ ᠰᠢᠭᠤᠢ ᠨᠤᠲᠤᠭ ᠪᠡᠯᠴᠢᠭᠡᠷ ᠤᠨ ᠲᠣᠪᠴᠢᠶᠠᠨ ᠤ ᠠᠵᠢᠯᠲᠠᠨ ᠵᠣᠣ ᠱᠤ᠋ ᠶᠠᠨ᠄ ︽ᠡᠨᠡ ᠬᠠᠪᠤᠷ ᠤᠨ ᠠᠯᠪᠠᠨ ᠵᠢᠷᠤᠮ ᠤᠨ ᠮᠣᠳᠣ ᠲᠠᠷᠢᠬᠤ ᠠᠵᠢᠯᠯᠠᠭᠠᠨ ᠤ ᠶᠡᠷᠦᠩᠬᠡᠢ ᠡᠬᠦᠷᠭᠡ ᠪᠤᠯ 17 ᠲᠦᠮᠡᠨ ᠰᠠᠭᠤᠷᠢ᠂ ᠥᠨᠥᠳᠥᠷ ᠎ ᠤᠨ ᠮᠣᠳᠣ ᠲᠠᠷᠢᠬᠤ ᠠᠵᠢᠯ ᠳᠤ 600 ᠭᠠᠷᠤᠢ ᠬᠥᠮᠦᠨ ᠤᠷᠤᠯᠴᠠᠵᠠᠢ᠃ ᠤᠶᠢᠷ᠎ᠠ ᠶᠢᠨ ᠵᠢᠯ ᠳᠤ ᠪᠢᠳᠡ ︿ᠠᠯᠪᠠᠨ ᠵᠢᠷᠤᠮ ᠤᠨ ᠮᠣᠳᠣ ᠲᠠᠷᠢᠬᠤ +﹀᠎  ᠵᠠᠬᠪᠤᠷ ᠢ ᠲᠠᠰᠤᠷᠠᠯᠲᠠ ᠦᠭᠡᠢ ᠬᠠᠶᠢᠨ ᠰᠦᠪᠡᠭᠴᠢᠯᠡᠵᠦ᠂ ᠠᠯᠪᠠᠨ ᠵᠢᠷᠤᠮ ᠤᠨ ᠮᠣᠳᠣ ᠲᠠᠷᠢᠬᠤ ᠠᠷᠭ᠎ᠠ ᠬᠡᠯᠪᠡᠷᠢ ᠶᠢ   ᠦᠷᠭᠡᠳᠭᠡᠬᠦ ᠶᠢᠨ ᠬᠠᠮᠳᠤ  ︿ᠠᠯᠪᠠᠨ ᠵᠢᠷᠤᠮ ᠤᠨ ᠮᠣᠳᠣ ᠲᠠᠷᠢᠬᠤ + ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠢ ᠪᠠᠶᠢᠭᠤᠯᠬᠤ﹀ ︿ᠠᠯᠪᠠᠨ ᠵᠢᠷᠤᠮ ᠤᠨ ᠮᠣᠳᠣ ᠲᠠᠷᠢᠬᠤ +  ᠭᠠᠯ  ᠲᠦᠢᠮᠡᠷ ᠢ ᠰᠡᠷᠭᠡᠶᠢᠯᠡᠵᠦ ᠤᠢ ᠮᠣᠳᠣ ᠶᠢ ᠬᠠᠮᠠᠭᠠᠯᠠᠬᠤ﹀ ᠭᠡᠬᠦ ᠮᠡᠲᠦ ᠶᠢᠨ ᠠᠵᠢᠯᠯᠠᠭ᠎ᠠ ᠶᠢ ᠥᠷᠨᠢᠭᠦᠯᠵᠦ ᠪᠠᠶᠢᠭ᠎ᠠ᠃  ᠡᠨᠡ ᠤᠳᠠᠭᠠᠨ ᠤ ᠠᠯᠪᠠᠨ ᠵᠢᠷᠤᠮ ᠤᠨ ᠮᠣᠳᠣ ᠳᠠᠷᠢᠬᠤ ᠠᠵᠢᠯᠯᠠᠭ᠎ᠠ ᠪᠠᠷ ᠠᠵᠠ ᠲᠣᠬᠢᠶᠠᠯ ᠪᠣᠯᠭᠠᠵᠤ᠂ ᠣᠶ ᠰᠢᠭᠤᠶ ᠨᠤᠳᠤᠭ ᠪᠡᠯᠴᠢᠭᠡᠷ ᠤᠨ ᠬᠠᠮᠠᠭᠠᠯᠠᠯᠳᠠ ᠶᠢᠨ ᠡᠷᠴᠢᠮ ᠢ ᠤᠯᠠᠮ ᠴᠢᠩᠭᠠᠷᠠᠭᠤᠯᠤᠨ᠂ ᠠᠮᠢ ᠠᠬᠤᠢ ᠶᠢᠨ ᠪᠠᠶᠢᠭᠤᠯᠤᠯᠲᠠ ᠶᠢᠨ ᠦᠷ᠎ᠡ ᠪᠦᠲᠦᠭᠡᠯ ᠢ ᠪᠠᠬᠢᠵᠢᠭᠦᠯᠵᠦ᠂ ᠦᠵᠡᠰᠬᠦᠯᠡᠩᠲᠦ ᠰᠠᠶᠢᠬᠠᠨ ᠲᠠᠶᠢᠹᠤᠰᠧ ᠬᠤᠰᠢᠭᠤᠨ ᠎ ᠳᠠᠭᠠᠨ ᠨᠠᠩ ᠢᠯᠡᠬᠦᠦ ᠨᠤᠮᠢᠨ ᠨᠣᠭᠤᠭᠠᠨ ᠥᠩᠭᠡ  ᠪᠤᠳᠤᠭ ᠨᠡᠮᠡᠷᠢᠯᠡᠬᠦ ᠶᠢ ᠬᠦᠰᠡᠵᠦ ᠪᠠᠶᠢᠨ᠎ᠠ︾  ᠃  
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号