4 ᠰᠠᠷ᠎ᠠ ᠶᠢᠨ 22 ᠤᠨ ᠡᠳᠦᠷ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤ ᠳᠠᠷᠤᠭ᠎ᠠ | ᠵᠠᠩ ᠶᠦᠩ ᡁᠢ ᠬᠤᠲᠠ ᠪᠠᠯᠭᠠᠰᠤᠨ ᠤ ᠤᠰᠤ ᠬᠠᠩᠭᠠᠵᠤ ᠤᠰᠤ ᠭᠠᠳᠠᠭᠰᠢᠯᠠᠭᠤᠯᠬᠤ ᠪᠠ ᠬᠤᠭ ᠨᠣᠪᠰᠢ | ᠰᠢᠢᠳᠪᠦᠷᠢᠯᠡᠬᠦ ᠠᠵᠢᠯ ᠳᠤ ᠪᠠᠶᠢᠴᠠᠭᠠᠨ ᠰᠤᠳᠤᠯᠤᠯᠳᠠ ᠬᠢᠵᠡᠢ᠃ ᠵᠠᠩ ᠶᠦᠩ ᡁᠢ ᠤᠷᠢᠳᠠᠪᠠᠷ ᠴᠢᠩ ᠶᠤᠸᠠᠨ ᠤᠰᠤ | ᠬᠠᠩᠭᠠᠬᠤ ᠤᠰᠤ ᠭᠠᠳᠠᠭᠰᠢᠯᠠᠭᠤᠯᠬᠤ ᠺᠣᠮᠫᠠᠨᠢ ᠳᠤ ᠬᠦᠷᠴᠦ᠂ ᠠᠵᠤ ᠠᠬᠤᠶᠢᠯᠠᠯ ᠤᠨ ᠠᠵᠢᠯᠯᠠᠭᠠᠨ ᠤ ᠪᠠᠶᠢᠳᠠᠯ ᠪᠠ | ᠤᠰᠤ ᠬᠠᠩᠭᠠᠬᠤ ᠲᠥᠬᠦᠭᠡᠷᠦᠮᠵᠢ᠂ ᠰᠠᠭᠤᠭᠠᠯᠢ ᠠᠷᠠᠳ ᠤᠨ ᠤᠰᠤ ᠭᠡᠷᠡᠭᠯᠡᠵᠦ ᠪᠠᠶᠢᠭ᠎ᠠ ᠪᠠᠶᠢᠳᠠᠯ ᠢ ᠨᠠᠷᠢᠨ | ᠤᠶᠢᠯᠠᠭᠠᠭᠰᠠᠨ ᠪᠦᠭᠡᠳ ᠠᠵᠤ ᠠᠬᠤᠶᠢᠯᠠᠯ ᠤᠨ ᠬᠢᠨ ᠢ ᠬᠠᠮᠢᠶᠠᠷᠤᠯᠲᠠ ᠪᠠᠨ ᠴᠢᠩᠭᠠᠳᠬᠠᠵᠤ᠂ ᠦᠢᠯᠡᠴᠢᠯᠡᠭᠡ ᠪᠠᠨ | ᠰᠠᠶᠢᠵᠢᠷᠠᠭᠤᠯᠤᠨ᠂ ᠰᠢᠨ᠎ᠡ ᠠᠵᠢᠯ ᠤᠨ ᠵᠠᠭᠪᠤᠷ ᠪᠣᠯᠤᠨ ᠬᠠᠮᠢᠶᠠᠷᠤᠯᠲᠠ ᠶᠢᠨ ᠵᠠᠭᠪᠤᠷ ᠢ ᠢᠳᠡᠪᠬᠢᠲᠡᠶ ᠰᠦᠪᠡᠭᠴᠢᠯᠡᠨ | ᠦᠢᠯᠡᠳᠦᠯᠭᠡᠵᠢᠭᠦᠯᠵᠦ᠂ ᠪᠥᠬᠦ ᠬᠤᠰᠢᠭᠤᠨ ᠤ ᠴᠢᠨᠠᠷ ᠰᠠᠶᠢᠲᠠᠶ ᠬᠥᠭᠵᠢᠯᠲᠡ ᠳᠤ ᠠᠮᠤᠷ ᠲᠦᠪᠰᠢᠨ ᠤᠰᠤᠨ ᠤ | ᠪᠠᠲᠤᠯᠠᠭ᠎ᠠ ᠬᠠᠩᠭᠠᠬᠤ ᠬᠡᠷᠡᠭᠲᠡᠶ ᠬᠡᠵᠦ ᠴᠢᠬᠤᠯᠠᠴᠢᠯᠠᠭᠰᠠᠨ ᠪᠠᠶᠢᠨ᠎ᠠ᠃ ᠲᠠᠷᠠᠭ᠎ᠠ ᠨᠢ ᠠᠮᠢᠳᠤᠷᠠᠯ ᠤᠨ ᠬᠤᠭ ᠨᠤᠪᠰᠢ᠂ | ᠪᠠᠷᠢᠯᠭ᠎ᠠ ᠶᠢᠨ ᠬᠤᠭ ᠨᠤᠪᠰᠢ᠂ ᠲᠤᠭᠤᠭᠠᠨ ᠭᠡᠷ ᠤᠨ ᠬᠤᠭ ᠨᠤᠪᠰᠢ ᠶᠢ ᠰᠢᠢᠳᠪᠦᠷᠢᠯᠡᠬᠦ ᠭᠠᠵᠠᠷ ᠲᠤ ᠲᠤᠰᠪᠤᠷᠢ | ᠬᠦᠷᠴᠦ᠂ ᠲᠤᠨᠤᠭ ᠲᠦᠭᠦᠭᠡᠷᠦᠮᠵᠢ ᠶᠢᠨ ᠡᠷᠬᠢᠯᠲᠡ᠂ ᠤᠷᠴᠢᠨ ᠲᠤᠭᠤᠷᠢᠨ ᠤ ᠬᠠᠮᠢᠶᠠᠷᠤᠯᠲᠡ ᠪᠤᠯᠤᠨ ᠠᠶᠤᠯᠭᠦᠢ | ᠦᠢᠯᠡᠳᠪᠦᠷᠢᠯᠡᠯ ᠤᠨ ᠪᠠᠶᠢᠳᠠᠯ ᠢ ᠬᠦᠨᠵᠡᠭᠡᠢ ᠤᠶᠢᠯᠠᠭᠠᠭᠰᠠᠨ ᠤ ᠬᠠᠮᠲᠦ᠂ ᠡᠯ᠎ᠡ ᠰᠠᠯᠠᠭ᠎ᠠ ᠮᠦᠴᠢᠷ ᠪᠤᠯᠤᠨ ᠠᠵᠦ | ᠠᠬᠤᠶᠢᠯᠠᠯ ᠢ ᠡᠷᠬᠡᠪᠰᠢ ᠬᠠᠮᠢᠶᠠᠷᠤᠯᠲᠡ ᠶᠢᠨ ᠠᠵᠢᠯ ᠢᠶᠠᠨ ᠲᠦᠷᠢᠮᠵᠢᠬᠦᠯᠦᠨ᠂ ᠪᠦᠲᠦᠮᠵᠢᠲᠠᠢ ᠠᠷᠭ᠎ᠠ ᠬᠡᠮᠵᠢᠶ᠎ᠡ | ᠠᠪᠴᠦ᠂ ᠪᠦᠬᠦ ᠬᠤᠰᠢᠭᠤᠨ ᠤ ᠦᠢᠯᠡᠳᠪᠦᠷᠢᠯᠡᠯ ᠠᠮᠢᠳᠤᠷᠠᠯ ᠤᠨ ᠬᠤᠭ ᠨᠤᠪᠰᠢ ᠶᠢᠨ ᠴᠤᠭᠯᠠᠭᠤᠯᠬᠤ᠂ | ᠵᠦᠭᠡᠭᠡᠪᠦᠷᠢᠯᠡᠬᠦ ᠪᠠ ᠰᠢᠢᠳᠪᠦᠷᠢᠯᠡᠬᠦ ᠴᠢᠳᠠᠪᠦᠷᠢ ᠶᠢ ᠲᠡᠭᠡᠭᠰᠢᠯᠡᠭᠦᠯᠵᠦ᠂ ᠬᠤᠭ ᠨᠤᠪᠰᠢ ᠰᠢᠢᠳᠪᠦᠷᠢᠯᠡᠬᠦ ᠠᠵᠢᠯ ᠢ | ᠠᠮᠤᠷ ᠲᠦᠪᠰᠢᠨ ᠡᠮᠬᠢ ᠵᠢᠷᠤᠮ ᠲᠠᠢ ᠶᠠᠪᠤᠭᠳᠠᠭᠤᠯᠬᠤ ᠭᠡᠷᠡᠭᠳᠡᠢ ᠬᠡᠵᠦ ᠴᠢᠬᠤᠯᠠᠴᠢᠯᠠᠪᠠ᠃ ᠵᠠᠩ ᠶᠦᠩ ᡁᠢ ᠪᠠᠰᠠ | ᠠᠮᠢᠳᠤᠷᠠᠯ ᠤᠨ ᠪᠣᠬᠢᠷ ᠤᠰᠤ ᠰᠢᠢᠳᠪᠦᠷᠢᠯᠡᠬᠦ ᠦᠢᠯᠡᠳᠪᠦᠷᠢ ᠪᠣᠯᠤᠨ ᠠᠵᠤ ᠦᠢᠯᠡᠳᠪᠦᠷᠢ ᠶᠢᠨ ᠪᠣᠬᠢᠷ ᠤᠰᠤ | ᠰᠢᠢᠳᠪᠦᠷᠢᠯᠡᠬᠦ ᠦᠢᠯᠡᠳᠪᠦᠷᠢ ᠳᠤ ᠬᠦᠷᠴᠦ᠂ ᠪᠣᠬᠢᠷ ᠤᠰᠤ ᠰᠢᠢᠳᠪᠦᠷᠢᠯᠡᠬᠦ ᠠᠯᠬᠤᠮ ᠶᠠᠪᠤᠴᠠ ᠪᠠ ᠲᠤᠨᠤᠭ | ᠲᠥᠬᠦᠭᠡᠷᠦᠮᠵᠢ ᠶᠢᠨ ᠪᠠᠶᠢᠳᠠᠯ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠵᠦ᠂ ᠰᠢᠢᠳᠪᠦᠷᠢᠯᠡᠬᠦ ᠴᠢᠳᠠᠪᠤᠷᠢ᠂ | ᠭᠠᠳᠠᠭᠰᠢᠯᠠᠭᠤᠯᠬᠤ ᠪᠠᠷᠢᠮᠵᠢᠶ᠎ᠠ᠂ ᠥᠪᠡᠷ ᠤᠨ ᠦᠷᠳᠡᠭ ᠵᠢᠴᠢ ᠣᠷᠣᠰᠢᠵᠤ ᠪᠠᠶᠢᠭ᠎ᠠ ᠠᠰᠠᠭᠤᠳᠠᠯ ᠢ ᠨᠠᠷᠢᠨ | ᠤᠶᠢᠯᠠᠭᠠᠵᠠᠢ᠃ ᠵᠠᠩ ᠶᠦᠩ ᡁᠢ ᠴᠢᠬᠤᠯᠠᠴᠢᠯᠠᠬᠤ ᠳᠠᠭᠠᠨ᠂ ᠪᠣᠬᠢᠷ ᠤᠰᠤ ᠰᠢᠢᠳᠪᠦᠷᠢᠯᠡᠬᠦ ᠦᠢᠯᠡᠳᠪᠦᠷᠢ ᠶᠢᠨ | ᠲᠣᠭᠲᠠᠭᠤᠨ ᠢᠶᠠᠷ ᠠᠵᠢᠯᠯᠠᠬᠤ ᠨᠢ ᠤᠰᠤᠨ ᠤ ᠣᠷᠴᠢᠨ ᠲᠣᠭᠤᠷᠢᠨ ᠤ ᠶᠠᠰᠤ ᠴᠢᠨᠠᠷ ᠢ ᠰᠠᠶᠢᠵᠢᠷᠠᠭᠤᠯᠬᠤ᠂ | ᠣᠷᠣᠰᠢᠨ ᠰᠠᠭᠤᠷᠢᠰᠢᠬᠤ ᠣᠷᠴᠢᠨ ᠲᠣᠭᠤᠷᠢᠨ ᠤ ᠬᠢᠷᠢ ᠲᠦᠪᠰᠢᠨ ᠢ ᠳᠡᠭᠡᠭᠰᠢᠯᠡᠭᠦᠯᠬᠦ ᠳᠤ ᠲᠦᠢᠯ ᠤᠨ ᠴᠢᠬᠤᠯᠠ | ᠠᠴᠢ ᠬᠤᠯᠪᠤᠭᠳᠠᠯ ᠲᠠᠢ ᠪᠤᠯᠬᠤᠷ ᠲᠤᠨᠤᠭ ᠲᠥᠬᠦᠭᠡᠷᠦᠮᠵᠢ ᠶᠢᠨ ᠤᠶᠤᠨᠴᠢᠯᠠᠭᠰᠠᠨ ᠬᠢᠨᠠᠨ ᠬᠡᠮᠵᠢᠬᠦ ᠰᠢᠰᠲ᠋ᠧᠮ ᠤᠨ | ᠪᠠᠶᠢᠭᠤᠯᠤᠯᠲᠠ ᠶᠢ ᠲᠦᠷᠭᠡᠳᠬᠡᠵᠦ᠂ ᠠᠵᠢᠯ ᠤᠨ ᠦᠷ᠎ᠡ ᠪᠦᠲᠦᠮᠵᠢ ᠪᠣᠯᠤᠨ ᠬᠠᠮᠢᠶᠠᠷᠤᠯᠲᠠ ᠶᠢᠨ ᠬᠢᠷᠢ ᠲᠦᠪᠰᠢᠨ ᠢ | ᠦᠷᠬᠦᠯᠵᠢᠯᠡᠨ ᠳᠡᠭᠡᠭᠰᠢᠯᠡᠭᠦᠯᠬᠦ ᠬᠡᠷᠡᠭᠲᠡᠢ ᠭᠡᠪᠡ᠃ ᠵᠠᠰᠠᠭ ᠤᠨ ᠣᠷᠳᠣᠨ ᠤ ᠠᠯᠪᠠᠨ ᠬᠡᠷ᠂ ᠣᠷᠣᠨ ᠰᠠᠭᠤᠴᠠ ᠪᠠ | ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ᠂ ᠬᠤᠲᠠ ᠶᠢᠨ ᠬᠠᠮᠢᠶᠠᠷᠤᠯᠲᠠ ᠶᠢᠨ ᠲᠤᠪᠴᠢᠶᠠᠨ | ᠤ ᠬᠠᠷᠢᠭᠤᠴᠠᠯᠭᠠᠲᠠᠨ ᠪᠠᠶᠢᠴᠠᠭᠠᠨ ᠰᠤᠳᠤᠯᠤᠯᠲᠠ ᠳᠤ ᠤᠷᠤᠯᠴᠠᠵᠠᠢ᠃ |