ᠯᠢ ᠵᠠᠨ ᠪᠦᠦ ᠰᠢᠩ ᠹᠦ᠋ ᠰᠢᠶᠠᠩ ᠳᠤ ᠪᠠᠶᠢᠴᠠᠭᠠᠨ ᠰᠤᠳᠤᠯᠤᠯᠲᠠ ᠬᠢᠭᠰᠡᠨ
ᠨᠡᠶᠢᠲᠡᠯᠡᠭᠰᠡᠨ ᠴᠠᠭ᠄
2025/4/25
   4 ᠰᠠᠷ᠎ᠠ ᠶᠢᠨ 23 ᠤ ᠡᠳᠦᠷ᠂ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠯᠢ ᠵᠠᠨ ᠪᠦᠦ  ᠵᠡᠷᠭᠡ ᠬᠦᠮᠦᠰ ᠰᠢᠩ ᠹᠦ᠋ ᠰᠢᠶᠠᠩ ᠤᠨ ᠶᠢᠨ ᠵᠠᠨ ᠲᠣᠰᠬᠤᠨ ᠳᠤ ᠬᠦᠨᠵᠡᠬᠡᠶᠢᠷᠡᠵᠦ ᠪᠠᠶᠢᠴᠠᠭᠠᠨ ᠰᠤᠳᠤᠯᠤᠯᠲᠠ  ᠬᠢᠵᠡᠢ᠃ ᠰᠢᠶᠠᠩ ᠤᠨ ᠨᠠᠮ ᠤᠨ ᠬᠤᠷᠢᠶᠠᠨ ᠤ ᠱᠦᠵᠢ ᠵᠤᠤ ᠢᠦᠢ ᠪᠦᠦ᠂ ᠰᠢᠶᠠᠩ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠡᠷᠢᠭᠦᠯᠡᠭᠴᠢ ᠰᠢᠶᠧ ᠰᠢᠶᠤᠤ ᠹᠧᠩ᠂ ᠳᠡᠳ᠋ ᠰᠢᠶᠠᠩ ᠤᠨ ᠳᠠᠷᠤᠭ᠎ᠠ᠂  ᠵᠡᠪᠰᠡᠭᠲᠦ ᠬᠦᠴᠦᠨ ᠤ ᠬᠡᠯᠲᠡᠰ ᠤᠨ ᠳᠠᠷᠤᠭ᠎ᠠ ᠳ᠋ᠦᠩ ᠠᠢ ᠮᠢᠨ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃ ᠶᠠᠷᠢᠯᠴᠠᠬᠤ ᠬᠤᠷᠠᠯ ᠳᠡᠭᠡᠷ᠎ᠡ᠂  ᠯᠢ ᠵᠠᠨ ᠪᠦᠦ ᠠᠴᠠ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭᠠᠨ ᠤ ᠴᠢᠬᠤᠯᠠ ᠴᠢᠨᠠᠷ ᠪᠣᠯᠤᠨ ᠵᠠᠶᠢᠯᠠᠰᠢ ᠦᠭᠡᠢ ᠴᠢᠨᠠᠷ ᠢ ᠴᠢᠬᠤᠯᠠᠴᠢᠯᠠᠵᠤ᠂ ᠲᠥᠪ ᠤᠨ ᠨᠠᠢᠮᠠᠨ ᠲᠣᠭᠲᠠᠭᠠᠯ ᠪᠣᠯ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢᠨ ᠴᠢᠬᠤᠯᠠ ᠭᠠᠷᠳᠠᠴᠠ᠂ ᠨᠠᠮ ᠠᠷᠠᠳ ᠤᠯᠠᠨ ᠤ ᠴᠢᠰᠤ ᠮᠢᠬᠠᠨ ᠤ ᠬᠠᠷᠢᠴᠠᠭ᠎ᠠ ᠶᠢ ᠨᠢᠭᠲᠠᠷᠠᠭᠤᠯᠬᠤ ᠴᠢᠬᠤᠯᠠ ᠠᠷᠭ᠎ᠠ ᠬᠡᠮᠵᠢᠶ᠎ᠡ ᠪᠤᠯᠬᠤᠷ ᠪᠦᠬᠦ ᠨᠠᠮ ᠤᠨ ᠭᠡᠰᠢᠭᠦᠨ ᠺᠠᠳ᠋ᠷᠴᠤᠳ ᠡᠷᠭᠡᠪᠰᠢ ᠰᠠᠬᠢᠯᠭ᠎ᠠ ᠪᠠᠲᠤ ᠶᠢᠨ ᠬᠥᠪᠴᠢ ᠶᠢ ᠴᠠᠭ ᠢᠮᠠᠭᠲᠠ ᠴᠢᠩᠭᠠᠯᠠᠨ᠂ ᠨᠠᠢᠮᠠᠨ ᠲᠣᠭᠲᠠᠭᠠᠯ ᠢ ᠰᠡᠳᠬᠢᠯ ᠳᠡᠭᠡᠨ ᠰᠢᠩᠭᠡᠭᠡᠵᠦ᠂ ᠠᠵᠢᠯ ᠳᠠᠭᠠᠨ ᠦᠢᠯᠡᠳᠦᠯᠬᠡᠵᠢᠬᠦᠯᠵᠦ᠂  ᠭᠠᠵᠢᠭᠤ ᠰᠤᠷᠲᠠᠯ ᠢ ᠡᠰᠡᠷᠭᠦᠴᠡᠨ ᠬᠤᠷᠢᠭᠯᠠᠬᠤ ᠪᠠᠲᠤ ᠪᠠᠬᠢ ᠰᠡᠷᠭᠡᠶᠢᠯᠡᠯᠲᠡ ᠶᠢᠨ ᠱᠤᠭᠤᠮ ᠢ ᠪᠠᠲᠤ ᠴᠤᠭᠴᠠᠯᠠᠨ᠂ ᠵᠠᠷᠯᠢᠭ ᠵᠢᠭᠠᠪᠤᠷᠢ ᠶᠢ ᠡᠷᠡᠰ ᠳᠠᠭᠠᠬᠤ ᠬᠡᠷᠡᠭᠲᠡᠢ ᠭᠡᠵᠦ ᠱᠠᠭᠠᠷᠳᠠᠭᠰᠠᠨ ᠪᠠᠶᠢᠨ᠎ᠠ᠃  ᠯᠢ ᠵᠠᠨ ᠪᠤᠤ ᠪᠠᠰᠠ ᠦᠨᠳᠦᠰᠦᠨ ᠱᠠᠲᠤᠨ ᠤ ᠠᠵᠢᠯ ᠤᠨ ᠳᠤᠮᠳᠠᠬᠢ ︽ᠲᠦᠷᠪᠡᠨ ᠰᠤᠷᠲᠠᠯ︾ ᠤᠨ ᠪᠣᠳᠠᠲᠠᠢ ᠢᠯᠡᠷᠡᠯ ᠪᠤᠯᠤᠨ  ᠬᠦᠨᠳᠦ ᠨᠣᠴᠢᠲᠠᠢ ᠬᠤᠣᠷ ᠬᠥᠨᠥᠭᠡᠯ ᠳᠤ ᠬᠦᠨᠵᠡᠬᠡᠢ ᠵᠠᠳᠠᠯᠤᠯᠳᠠ ᠬᠢᠭᠰᠡᠨ ᠤ ᠬᠠᠮᠳᠤ᠂ ᠰᠢᠩ ᠹᠦ᠋ ᠰᠢᠶᠠᠩ ᠤᠨ ᠨᠠᠮ ᠤᠨ ᠭᠡᠰᠢᠭᠦᠨ ᠺᠠᠳ᠋ᠷᠴᠤᠳ ᠡᠷᠬᠡᠪᠰᠢ ᠤᠯᠤᠰ ᠲᠦᠷᠦ ᠶᠢᠨ ᠵᠣᠭᠰᠣᠴᠠ ᠪᠠᠨ  ᠲᠡᠭᠡᠭᠰᠢᠯᠡᠬᠦᠯᠦᠨ᠂ ︽ᠲᠦᠷᠪᠡᠨ ᠰᠤᠷᠲᠠᠯ︾ ᠢ ᠴᠡᠭᠴᠡᠯᠡᠨ ᠵᠠᠯᠠᠷᠠᠭᠤᠯᠬᠤ ᠶᠢᠨ ᠲᠤᠯᠭᠠᠮ᠎ᠠ ᠴᠢᠨᠠᠷ ᠪᠣᠯᠤᠨ ᠤᠷᠳᠤ ᠬᠤᠭᠤᠴᠠᠭᠠᠲᠤ ᠴᠢᠨᠠᠷ ᠢ ᠭᠦᠨᠵᠡᠭᠡᠢ  ᠲᠠᠨᠢᠵᠤ᠂ ᠠᠵᠢᠯ ᠤᠨ ᠳᠤᠮᠳᠠᠬᠢ ᠠᠯᠪᠠ ᠬᠠᠰᠢᠵᠤ ᠠᠮᠠ ᠪᠥᠭᠯᠡᠬᠦ᠂ ᠬᠠᠷᠢᠯᠴᠠᠨ ᠲᠦᠯᠬᠢᠯᠴᠡᠬᠦ ᠦᠵᠡᠭᠳᠡᠯ ᠢ ᠡᠷᠡᠰ ᠲᠡᠪᠴᠢᠨ᠂ ︽ᠦᠩᠭᠡᠪᠴᠢ ᠠᠵᠢᠯ︾ ᠢ ᠬᠢᠬᠦ ᠦᠭᠡᠢ ᠪᠠᠶᠢᠵᠤ᠂  ᠤᠯᠠᠨ ᠲᠦᠮᠡᠨ ᠳᠤ ᠪᠣᠳᠠᠲᠠᠢ ᠶᠠᠪᠤᠳᠠᠯ ᠬᠢᠬᠦ᠂  ᠤᠯᠠᠨ ᠲᠦᠮᠡᠨ ᠤ ᠬᠦᠴᠢᠷ ᠠᠰᠠᠭᠤᠳᠠᠯ ᠢ ᠰᠢᠢᠳᠪᠦᠷᠢᠯᠡᠬᠦ ᠳᠡᠭᠡᠷ᠎ᠡ ᠤᠶᠤᠨ ᠴᠢᠳᠠᠯ ᠢᠶᠠᠨ ᠭᠡᠷᠡᠭᠯᠡᠨ᠂ ᠲᠡᠰᠪᠦᠷᠢ ᠬᠠᠲᠠᠭᠤᠵᠢᠯᠲᠠᠢ ᠲᠡᠮᠡᠴᠡᠬᠦ ᠵᠣᠷᠢᠭ ᠰᠠᠨᠠᠭ᠎ᠠ ᠶᠢ ᠪᠠᠳᠠᠷᠠᠭᠤᠯᠵᠤ᠂ ᠵᠢᠷᠭᠠᠨ ᠴᠡᠩᠭᠡᠬᠦ ᠦᠵᠡᠯ ᠪᠠ ᠱᠠᠯᠢᠨ ᠪᠦᠷᠢᠯᠭᠡᠬᠦ ᠰᠤᠷᠲᠠᠯ ᠢ ᠡᠷᠡᠰ ᠬᠤᠷᠢᠭᠯᠠᠨ᠂  ᠲᠥᠪ ᠭᠤᠣᠯᠴᠢ ᠠᠷᠢᠭᠤᠨ ᠴᠢᠬᠡᠴᠢ ᠤᠯᠤᠰ ᠲᠦᠷᠦ ᠶᠢᠨ ᠤᠤᠷ ᠴᠢᠨᠠᠷ ᠢ  ᠴᠠᠭ ᠢᠮᠠᠭᠲᠠ ᠪᠠᠲᠤᠯᠠᠬᠤ ᠬᠡᠷᠡᠭᠲᠡᠢ ᠬᠡᠵᠦ ᠴᠢᠬᠤᠯᠠᠴᠢᠯᠠᠪᠠ᠃
 
ᠢᠷᠡᠯᠲᠡ᠄ ᠰᠢᠩ ᠹᠦ᠋ ᠰᠢᠶᠠᠩ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号