4 ᠰᠠᠷ᠎ᠠ ᠶᠢᠨ 24 ᠤ ᠡᠳᠦᠷ᠂ ᠪᠤᠤᠴᠠᠩ ᠪᠠᠯᠭᠠᠰᠤ ᠨᠠᠮ ᠵᠠᠰᠠᠭ ᠤᠨ ᠬᠠᠮᠲᠤᠷᠠᠭᠰᠠᠨ ᠬᠤᠷᠠᠯ | ᠬᠤᠷᠠᠯᠳᠤᠭᠤᠯᠵᠤ᠂ ᠨᠠᠮ ᠤᠨ ᠲᠥᠪ ᠬᠤᠷᠢᠶᠠᠨ ᠤ ᠠᠯᠪᠠᠨ ᠲᠢᠩᠬᠢᠮ ᠲᠥᠷᠥ ᠶᠢᠨ ᠶᠠᠪᠤᠳᠠᠯ ᠤᠨ ᠬᠤᠷᠢᠶᠠᠨ ᠤ | ᠠᠯᠪᠠᠨ ᠲᠢᠩᠬᠢᠮ ᠤᠨ ᠳᠠᠷᠤᠮᠠᠯᠯᠠᠨ ᠲᠠᠷᠬᠠᠭᠠᠭᠰᠠᠨ ︽ᠬᠥᠳᠡᠭᠡ ᠲᠣᠰᠬᠤᠨ ᠤ ᠦᠨᠳᠦᠰᠦᠨ ᠱᠠᠲᠤᠨ ᠤ ᠺᠠᠳ᠋ᠷ ᠤᠨ | ᠡᠭᠦᠷᠭᠡ ᠬᠠᠷᠢᠭᠤᠴᠠᠯᠭ᠎ᠠ ᠪᠠᠨ ᠠᠷᠢᠭᠤᠨ ᠴᠢᠬᠡᠴᠢ ᠪᠠᠷ ᠬᠦᠢᠴᠡᠳᠭᠡᠬᠦ ᠲᠣᠭᠲᠠᠭᠠᠯ︾᠂ ᠲᠥᠪ ᠤᠨ ᠰᠠᠬᠢᠯᠭ᠎ᠠ ᠪᠠᠲᠤ | ᠪᠠᠶᠢᠴᠠᠭᠠᠬᠤ ᠬᠤᠷᠢᠶ᠎ᠠ ᠤᠯᠤᠰ ᠤᠨ ᠬᠢᠨᠠᠨ ᠪᠠᠶᠢᠴᠠᠭᠠᠬᠤ ᠵᠥᠪᠯᠡᠯ ᠤᠨ ᠬᠠᠷᠢᠭᠤᠴᠠᠯᠭᠠᠲᠠᠨ ᠤ ︽ᠬᠥᠳᠡᠭᠡ | ᠲᠣᠰᠬᠤᠨ ᠤ ᠦᠨᠳᠦᠰᠦᠨ ᠱᠠᠲᠤᠨ ᠤ ᠺᠠᠳ᠋ᠷ ᠤᠨ ᠡᠭᠦᠷᠭᠡ ᠬᠠᠷᠢᠭᠤᠴᠠᠯᠭ᠎ᠠ ᠪᠠᠨ ᠠᠷᠢᠭᠤᠨ ᠴᠢᠬᠡᠴᠢ ᠪᠠᠷ | ᠬᠦᠢᠴᠡᠳᠭᠡᠬᠦ ᠲᠤᠬᠠᠶ ᠲᠣᠭᠲᠠᠭᠠᠯ︾ ᠤᠨ ᠲᠤᠬᠠᠶ ᠰᠤᠷᠪᠤᠯᠵᠢᠯᠠᠭᠴᠢ ᠳᠤ ᠦᠭᠬᠦᠭᠰᠡᠨ ᠬᠠᠷᠢᠭᠤᠯᠳᠠ ᠵᠡᠷᠭᠡ | ᠠᠭᠤᠯᠭ᠎ᠠ ᠶᠢ ᠲᠤᠰᠬᠠᠶ ᠰᠡᠳᠦᠪ ᠢᠶᠠᠷ ᠰᠤᠷᠤᠯᠴᠠᠭᠰᠠᠨ ᠪᠠᠶᠢᠨ᠎ᠠ᠃ ᠨᠠᠮ ᠤᠨ ᠬᠤᠷᠢᠶᠠᠨ ᠤ ᠱᠦᠵᠢ ᠵᠠᠩ ᠱᠸᠤ | ᠴᠢᠶᠠᠩ ᠬᠤᠷᠠᠯ ᠢ ᠡᠷᠭᠢᠯᠡᠵᠦ᠂ ᠪᠠᠯᠭᠠᠰᠤᠨ ᠤ ᠤᠳᠤᠷᠢᠳᠬᠤ ᠪᠠᠭ ᠤᠨ ᠭᠡᠰᠢᠬᠦᠳ᠂ ᠪᠠᠶᠢᠭᠤᠯᠭ᠎ᠠ ᠨᠢᠭᠡᠴᠡ ᠶᠢᠨ | ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠶ᠃ ᠬᠤᠷᠠᠯ ᠠᠴᠠ ᠂ ᠨᠢᠭᠡ ᠳᠤ ᠦᠵᠡᠯ ᠰᠠᠨᠠᠭᠠᠨ ᠤ | ᠰᠡᠷᠭᠡᠶᠢᠯᠡᠯᠲᠡ ᠶᠢᠨ ᠱᠤᠭᠤᠮ ᠢ ᠴᠤᠭᠴᠠᠯᠠᠨ᠂ ︽ᠲᠣᠭᠲᠠᠭᠠᠯ︾ ᠢ ᠰᠤᠷᠤᠯᠴᠠᠬᠤ ᠶᠢ ᠣᠷᠳᠣ ᠬᠤᠭᠤᠴᠠᠭᠠᠨ ᠤ | ᠡᠭᠦᠷᠭᠡ ᠪᠣᠯᠭᠠᠵᠤ᠂ ᠪᠠᠶᠢᠩᠭᠤ ᠰᠤᠷᠤᠯᠴᠠᠵᠤ ᠪᠠᠶᠢᠩᠭᠤ ᠰᠢᠨᠡᠴᠢᠯᠡᠨ᠂ ᠠᠷᠢᠭᠤᠨ ᠴᠢᠬᠡᠴᠢ ᠶᠢᠨ ᠤᠬᠠᠮᠰᠠᠷ ᠢ ᠡᠳᠦᠷ | ᠲᠤᠲᠤᠮ ᠤᠨ ᠠᠵᠢᠯ ᠠᠮᠢᠳᠤᠷᠠᠯ ᠳᠠᠭᠠᠨ ᠠᠭᠤᠰᠤᠯᠴᠠᠭᠤᠯᠬᠤ ᠬᠡᠷᠡᠭᠲᠡᠶ᠃ ᠨᠠᠮᠴᠢ ᠴᠢᠨᠠᠷ ᠤᠨ ᠪᠣᠯᠪᠠᠰᠤᠷᠠᠯ ᠢᠶᠠᠨ | ᠴᠢᠩᠭᠠᠳᠬᠠᠵᠤ᠂ ᠬᠦᠰᠡᠯᠡᠩ ᠢᠲᠡᠭᠡᠯ ᠪᠢᠰᠢᠷᠡᠯ ᠢᠶᠠᠨ ᠪᠠᠳᠤᠳᠬᠠᠨ᠂ ᠵᠥᠪ ᠡᠷᠬᠡ ᠶᠢᠨ ᠦᠵᠡᠯᠲᠡ᠂ ᠠᠵᠢᠯ ᠤᠨ | ᠪᠦᠲᠦᠮᠵᠢ ᠶᠢᠨ ᠦᠵᠡᠯᠲᠡ ᠪᠠ ᠦᠷᠳᠡᠭ ᠤᠨ ᠦᠵᠡᠯᠲᠡ ᠶᠢ ᠪᠤᠢ ᠪᠣᠯᠭᠠᠵᠤ᠂ ᠦᠵᠡᠯ ᠰᠠᠨᠠᠭᠠᠨ ᠤ ᠲᠠᠯ᠎ᠠ ᠪᠠᠷ | ᠢᠯᠵᠠᠷᠠᠯ ᠢ ᠡᠰᠡᠷᠭᠦᠴᠡᠨ ᠬᠤᠪᠢᠷᠠᠯ ᠢ ᠰᠡᠷᠭᠡᠶᠢᠯᠡᠬᠦ ᠬᠠᠰᠢᠯᠭ᠎ᠠ ᠶᠢ ᠪᠠᠲᠤ ᠴᠣᠭᠴᠠᠯᠠᠬᠤ ᠬᠡᠷᠡᠭᠲᠡᠶ᠃ ᠬᠤᠶᠠᠷ ᠲᠤ᠂ | ᠬᠠᠤᠯᠢ ᠲᠦᠷᠢᠮ ᠢ ᠴᠢᠩᠭ᠎ᠠ ᠵᠢᠷᠤᠮᠯᠠᠨ ᠡᠷᠬᠡ ᠲᠤᠰᠢᠶᠠᠯ ᠢᠶᠠᠨ ᠬᠡᠷᠡᠭᠵᠢᠭᠦᠯᠵᠦ᠂ ᠬᠠᠤᠯᠢ ᠪᠠᠷ ᠲᠣᠭᠲᠠᠭᠠᠭᠰᠠᠨ | ᠡᠭᠦᠷᠭᠡ ᠬᠠᠷᠢᠭᠤᠴᠠᠯᠭ᠎ᠠ ᠶᠢ ᠡᠷᠬᠡᠪᠰᠢ ᠬᠦᠢᠴᠡᠳᠭᠡᠨ᠂ ᠬᠠᠤᠯᠢ ᠠᠴᠠ ᠡᠷᠬᠡ ᠣᠯᠭᠤᠭᠰᠠᠨ ᠦᠭᠡᠢ ᠶᠠᠪᠤᠳᠠᠯ ᠪᠣᠯ | ᠶᠠᠭᠠᠬᠢᠭᠰᠠᠨ ᠬᠢᠵᠦ ᠪᠣᠯᠬᠤ ᠦᠭᠡᠢ᠃ ᠪᠠᠯᠭᠠᠰᠤᠨ ᠤ ᠬᠠᠮᠢᠶ᠎ᠠ ᠪᠦᠬᠦᠢ ᠰᠠᠯᠠᠭ᠎ᠠ ᠮᠥᠴᠢᠷ ᠨᠢ ᠵᠢᠯᠤᠭᠤᠳᠤᠯᠭ᠎ᠠ ᠪᠠ | ᠬᠢᠨᠠᠯᠲᠠ ᠶᠢ ᠴᠢᠩᠭᠠᠳᠬᠠᠵᠤ᠂ ᠡᠷᠬᠡ ᠶᠢᠨ ᠵᠠᠭᠠᠭ ᠬᠢᠵᠠᠭᠠᠷ ᠪᠠ ᠠᠵᠢᠯᠯᠠᠭᠠᠨ ᠤ ᠶᠠᠪᠤᠴᠠ ᠶᠢ ᠲᠤᠳᠤᠷᠬᠠᠶᠢᠯᠠᠨ᠂ | ᠡᠷᠬᠡ ᠲᠤᠰᠢᠶᠠᠯ ᠢᠶᠠᠨ ᠢᠯᠡ ᠭᠡᠷᠡᠭᠵᠢᠬᠦᠯᠬᠦ ᠶᠢ ᠦᠨᠡᠨᠬᠦ ᠪᠠᠲᠤᠯᠠᠬᠤ ᠬᠡᠷᠡᠭᠲᠡᠶ᠃ ᠭᠤᠷᠪᠠ ᠳᠤ ᠪᠠᠯᠭᠠᠰᠤᠨ ᠤ | ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠨᠢ ᠬᠢᠨᠠᠯᠲᠠ ᠲᠠᠯᠪᠢᠬᠤ ᠦᠢᠯᠡᠳᠦᠯ ᠢᠶᠠᠨ ᠪᠠᠳᠠᠷᠠᠭᠤᠯᠤᠨ᠂ ᠲᠣᠰᠬᠤᠨ ᠪᠠ | ᠨᠡᠶᠢᠭᠡᠮ ᠲᠣᠭᠤᠷᠢᠭ ᠤᠨ ᠦᠨᠳᠦᠰᠦᠨ ᠱᠠᠲᠤᠨ ᠤ ᠺᠠᠳ᠋ᠷᠴᠤᠳ ᠲᠤ ᠡᠳᠦᠷ ᠲᠤᠲᠤᠮ ᠤᠨ ᠬᠢᠨᠠᠯᠲᠠ ᠲᠠᠯᠪᠢᠬᠤ ᠪᠠᠨ | ᠴᠢᠩᠭᠠᠳᠬᠠᠵᠤ᠂ ᠢᠯᠡ ᠪᠠᠷ ᠪᠠᠶᠢᠴᠠᠭᠠᠵᠤ ᠳᠠᠯᠳᠠᠭᠤᠷ ᠰᠤᠷᠪᠤᠯᠵᠢᠯᠠᠬᠤ᠂ ᠲᠤᠰᠬᠠᠶ ᠲᠦᠷᠦᠯ ᠤᠨ ᠪᠠᠶᠢᠴᠠᠭᠠᠯᠲᠠ | ᠬᠢᠬᠦ ᠵᠡᠷᠭᠡ ᠠᠷᠭ᠎ᠠ ᠮᠠᠶ᠋ᠢᠭ ᠢᠶᠠᠷ ᠲᠠᠮᠵᠢᠭᠠᠳ ᠲᠦᠷᠢᠮ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ | ᠴᠠᠭ ᠲᠤᠬᠠᠶ ᠳᠤᠨᠢ ᠢᠯᠡᠷᠡᠭᠦᠯᠬᠦ ᠶᠢᠨ ᠬᠠᠮᠲᠤ ᠵᠠᠯᠠᠷᠠᠭᠤᠯᠬᠤ ᠬᠡᠷᠡᠭᠲᠡᠶ᠃ ᠢᠯᠡᠷᠡᠭᠦᠯᠦᠭᠰᠡᠨ ᠠᠰᠠᠭᠤᠳᠠᠯ ᠢ ᠲᠠᠩᠰᠠᠯᠠᠨ | ᠪᠠᠶᠢᠴᠠᠭᠠᠵᠤ᠂ ᠲᠤᠭᠳᠠᠭᠰᠠᠨ ᠬᠤᠭᠤᠴᠠᠭᠠᠨ ᠳᠤ ᠴᠡᠭᠴᠡᠯᠡᠨ ᠰᠠᠶᠢᠵᠢᠷᠠᠭᠤᠯᠵᠤ᠂ ᠬᠢᠨᠠᠯᠲᠠ ᠬᠠᠮᠢᠶᠠᠷᠤᠯᠳᠠ ᠶᠢᠨ | ᠪᠣᠳᠠᠲᠤ ᠦᠷ᠎ᠡ ᠪᠦᠲᠦᠮᠵᠢ ᠤᠯᠬᠤ ᠶᠢ ᠪᠠᠲᠤᠯᠠᠬᠤ ᠬᠡᠷᠡᠭᠲᠡᠢ ᠬᠡᠵᠦ ᠴᠢᠬᠤᠯᠠᠴᠢᠯᠠᠭᠰᠠᠨ ᠪᠠᠶᠢᠨ᠎ᠠ᠃ |