ᠯᠦᠸᠧ ᠲᠦᠸᠧ ᠱᠠᠨ ᠪᠠᠯᠭᠠᠰᠤ ᠲᠤᠰᠬᠠᠶ ᠰᠡᠳᠦᠪᠲᠦ ᠰᠤᠷᠤᠯᠴᠠᠯᠭ᠎ᠠ ᠬᠢᠭᠰᠡᠨ
ᠨᠡᠶᠢᠲᠡᠯᠡᠭᠰᠡᠨ ᠴᠠᠭ᠄
2025/4/25
   4 ᠰᠠᠷ᠎ᠠ ᠶᠢᠨ 23 ᠤ ᠡᠳᠦᠷ᠂  ᠯᠦᠸᠧ ᠲᠦᠸᠧ ᠱᠠᠨ ᠪᠠᠯᠭᠠᠰᠤ ︽ᠶᠡᠷᠦᠩᠬᠡᠶ ᠱᠦᠵᠢ ᠰᠢ ᠶᠢᠨ ᠫᠢᠩ ᠤᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠶ ᠴᠢᠬᠤᠯᠠ ᠦᠵᠡᠯ ᠰᠠᠨᠠᠭᠠᠨ ᠤ ᠤᠩᠰᠢᠬᠤ ᠪᠢᠴᠢᠭ︾ ᠤᠨ ᠲᠤᠰᠬᠠᠶ ᠰᠡᠳᠦᠪᠲᠦ ᠰᠤᠷᠤᠯᠴᠠᠯᠭ᠎ᠠ ᠶᠢᠨ ᠬᠤᠷᠠᠯ ᠢ  ᠬᠤᠷᠠᠯᠳᠤᠭᠤᠯᠵᠤ᠂  ᠪᠠᠯᠭᠠᠰᠤᠨ ᠤ ᠤᠳᠤᠷᠢᠳᠬᠤ ᠪᠠᠭ ᠤᠨ ᠭᠡᠰᠢᠬᠦᠳ ᠬᠤᠷᠠᠯ ᠳᠤ ᠤᠷᠤᠯᠴᠠᠪᠠ᠃ ᠬᠤᠷᠠᠯ ᠲᠡᠭᠡᠷ᠎ᠡ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ︾ ᠭᠤᠤᠯ ᠰᠢᠵᠢᠮ ᠤᠨ ᠲᠣᠭᠤᠷᠢᠨ ᠳᠤ᠂ ᠤᠩᠰᠢᠬᠤ ᠪᠢᠴᠢᠭ ᠲᠠᠬᠢ ᠦᠨᠳᠦᠰᠦᠲᠡᠨ ᠤ ᠠᠵᠢᠯ ᠤᠨ ᠲᠤᠬᠠᠢ ᠪᠠᠶᠢᠯᠳᠤᠬᠤ ᠪᠤᠳᠤᠯᠭ᠎ᠠ ᠶᠢᠨ ᠪᠠᠶᠢᠷᠢ ᠲᠣᠭᠲᠠᠭᠠᠯᠲᠠ ᠪᠠ ᠴᠢᠬᠤᠯᠠ ᠶᠡᠭᠡ ᠠᠴᠢ ᠬᠤᠯᠪᠣᠭᠳᠠᠯ᠂ ᠠᠵᠢᠯ ᠤᠨ ᠵᠠᠷᠴᠢᠮ᠂ ᠭᠤᠣᠯᠳᠠᠯᠭ᠎ᠠ ᠲᠠᠢ ᠡᠭᠦᠷᠭᠡ ᠵᠡᠷᠭᠡ ᠳᠤ ᠰᠢᠰᠲ᠋ᠧᠮ ᠲᠠᠢ ᠲᠠᠶᠢᠯᠤᠮᠵᠢ ᠬᠢᠵᠡᠢ᠃ ᠬᠤᠷᠠᠯ ᠠᠴᠠ᠂ ᠤᠳᠤᠷᠢᠳᠬᠤ ᠪᠠᠭ ᠤᠨ ᠭᠡᠰᠢᠬᠦᠳ ᠡᠷᠭᠡᠪᠰᠢ ᠶᠡᠷᠦᠩᠬᠡᠶ ᠱᠦᠵᠢ ᠰᠢ ᠶᠢᠨ ᠫᠢᠩ ᠤᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠶ ᠴᠢᠬᠤᠯᠠ ᠦᠵᠡᠯ ᠰᠠᠨᠠᠭ᠎ᠠ ᠶᠢ ᠭᠦᠨᠵᠡᠭᠡᠶ ᠰᠤᠷᠤᠯᠴᠠᠨ ᠨᠡᠪᠲᠡᠷᠡᠲᠡᠯ᠎ᠡ ᠣᠶᠢᠯᠠᠭᠠᠵᠤ᠂ ᠤᠯᠤᠰ ᠲᠥᠷᠥ ᠶᠢᠨ ᠵᠣᠭᠰᠣᠴᠠ ᠪᠠᠨ ᠦᠨᠡᠨ ᠬᠦ ᠳᠡᠭᠡᠭᠰᠢᠯᠡᠭᠦᠯᠬᠦ ᠬᠡᠷᠡᠭᠲᠡᠶ᠃ ᠪᠠᠯᠭᠠᠰᠤᠨ ᠤ ᠪᠣᠳᠠᠲᠤ ᠪᠠᠶᠢᠳᠠᠯ ᠳᠤ ᠰᠠᠭᠤᠷᠢᠯᠠᠨ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠠᠵᠤ ᠦᠢᠯᠡᠰ ᠢ ᠬᠥᠭᠵᠢᠭᠦᠯᠬᠦ᠂ ᠦᠨᠳᠦᠰᠦᠨ ᠱᠠᠲᠤᠨ ᠤ ᠵᠠᠰᠠᠯᠲᠠ ᠵᠡᠷᠭᠡ ᠭᠤᠣᠯᠳᠠᠯᠭ᠎ᠠ ᠲᠠᠢ ᠠᠵᠢᠯ ᠳᠤ ᠠᠭᠤᠰᠤᠯᠴᠠᠭᠤᠯᠬᠤ ᠬᠡᠷᠡᠭᠲᠡᠢ᠃ ᠠᠵᠤ ᠦᠢᠯᠡᠰ ᠤᠨ ᠬᠥᠭᠵᠢᠯᠲᠡ ᠶᠢᠨ ᠲᠠᠯ᠎ᠠ ᠪᠠᠷ ᠦᠨᠳᠦᠰᠦᠲᠡᠨ ᠨᠦᠭᠦᠳ ᠤᠨ ᠣᠯᠠᠨ ᠲᠦᠮᠡᠨ ᠤ ᠣᠨᠴᠠᠯᠢᠭᠲᠤ ᠲᠠᠷᠢᠶᠠᠯᠠᠩ ᠮᠠᠯ ᠠᠵᠤ ᠠᠬᠤᠶ ᠪᠠᠨ    ᠬᠠᠮᠳᠤ ᠪᠠᠷ ᠬᠥᠭᠵᠢᠭᠦᠯᠬᠦ ᠶᠢ ᠵᠤᠷᠢᠬᠵᠢᠭᠤᠯᠵᠤ᠂ ᠠᠷᠠᠳ ᠤᠨ ᠠᠮᠢᠳᠤᠷᠠᠯ ᠤᠨ ᠪᠠᠲᠤᠯᠠᠭ᠎ᠠ ᠶᠢᠨ ᠲᠠᠯ᠎ᠠ ᠪᠠᠷ ᠬᠥᠭᠵᠢᠯᠲᠡ ᠶᠢᠨ ᠦᠷ᠎ᠡ ᠪᠦᠲᠦᠭᠡᠯ ᠢ ᠬᠠᠮᠲᠤ ᠪᠠᠷ ᠡᠳ᠋ᠯᠡᠬᠦ ᠶᠢ ᠠᠬᠢᠭᠤᠯᠤᠨ᠂ ᠰᠣᠶᠣᠯ ᠤᠨ ᠪᠠᠶᠢᠭᠤᠯᠤᠯᠲᠠ ᠶᠢᠨ ᠲᠠᠯ᠎ᠠ ᠪᠠᠷ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠤᠳᠬ᠎ᠠ ᠠᠭᠤᠯᠭ᠎ᠠ ᠲᠠᠢ ᠬᠦᠳᠡᠯᠪᠦᠷᠢ ᠠᠵᠢᠯᠯᠠᠭ᠎ᠠ ᠶᠢ ᠥᠷᠨᠢᠭᠦᠯᠵᠦ᠂ ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠢ ᠠᠬᠢᠭᠤᠯᠬᠤ ᠭᠡᠷᠡᠭᠳᠡᠢ᠃  ᠡᠨᠡ ᠤᠳᠠᠭᠠᠨ  ᠤ ᠰᠤᠷᠤᠯᠴᠠᠯᠭ᠎ᠠ ᠪᠠᠷ ᠠᠵᠠ ᠲᠣᠬᠢᠶᠠᠯ ᠪᠤᠯᠭᠠᠨ᠂ ᠤᠨᠤᠯ ᠤᠨ ᠰᠤᠷᠤᠯᠴᠠᠯᠭ᠎ᠠ ᠶᠢᠨ ᠦᠷ᠎ᠡ ᠪᠦᠲᠦᠭᠡᠯ ᠢ ᠠᠵᠢᠯ ᠢᠶᠠᠨ ᠠᠬᠢᠭᠤᠯᠬᠤ ᠪᠣᠳᠠᠲᠤ ᠠᠵᠢᠯᠯᠠᠭ᠎ᠠ ᠪᠣᠯᠭᠠᠨ ᠬᠤᠪᠢᠷᠠᠭᠤᠯᠵᠤ᠂ ᠪᠠᠶᠢᠩᠭᠤ ᠶᠢᠨ ᠰᠤᠷᠤᠯᠴᠠᠬᠤ ᠲᠣᠭᠲᠠᠴᠠ ᠶᠢ ᠪᠠᠶᠢᠭᠤᠯᠤᠨ᠂ ᠪᠥᠬᠦ ᠪᠠᠯᠭᠠᠰᠤᠨ ᠤ ᠺᠠᠳ᠋ᠷᠴᠤᠳ ᠢ ᠵᠣᠬᠢᠶᠠᠨ ᠪᠠᠶᠢᠭᠤᠯᠵᠤ ᠠᠶᠢᠯ ᠲᠣᠰᠬᠤᠨ ᠳᠤ ᠭᠦᠨᠵᠡᠭᠡᠶᠢᠷᠡᠭᠦᠯᠦᠨ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠥᠷᠨᠢᠭᠦᠯᠵᠦ᠂ ᠨᠠᠮ ᠤᠨ ᠦᠨᠳᠦᠰᠦᠲᠡᠨ ᠤ ᠲᠥᠷᠥ ᠶᠢᠨ ᠪᠣᠳᠣᠯᠭ᠎ᠠ ᠶᠢ ︽ᠡᠬᠡᠯ ᠠᠷᠠᠳ ᠤᠨ ᠬᠡᠷ ᠲᠤ ᠣᠷᠣᠭᠤᠯᠬᠤ︾ ᠬᠡᠷᠡᠭᠲᠡᠶ  ᠃ ᠣᠯᠠᠨ ᠲᠦᠮᠡᠨ ᠤ ᠪᠠᠴᠢᠮᠳᠠᠵᠤ ᠲᠦᠪᠡᠭᠳᠡᠵᠦ ᠵᠤᠪᠠᠨᠢᠵᠤ ᠬᠦᠰᠡᠵᠦ ᠪᠠᠶᠢᠭ᠎ᠠ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠰᠤᠷᠭᠠᠨ ᠬᠥᠮᠦᠵᠢᠯ᠂ ᠡᠮ ᠡᠮᠨᠡᠯᠭᠡ᠂ ᠠᠵᠢᠯ ᠣᠯᠭᠤᠯᠲᠠ ᠵᠡᠷᠭᠡ ᠲᠠᠯ᠎ᠠ ᠪᠠᠷ ᠦᠷᠭᠦᠯᠵᠢᠯᠡᠨ ᠬᠦᠴᠦᠯᠡᠵᠦ᠂ ᠦᠨᠳᠦᠰᠦᠲᠡᠨ ᠨᠦᠭᠦᠳ ᠤᠨ ᠣᠯᠠᠨ ᠲᠦᠮᠡᠨ ᠤ ᠤᠯᠤᠯᠳᠠ ᠬᠦᠷᠲᠡᠮᠵᠢ ᠶᠢᠨ ᠲᠥᠷᠥᠭᠳᠡᠯ᠂ ᠠᠵᠠ ᠵᠢᠷᠭᠠᠯ ᠤᠨ ᠲᠥᠷᠥᠭᠳᠡᠯ ᠪᠠ ᠠᠮᠤᠷ ᠲᠦᠪᠰᠢᠨ ᠤ ᠲᠥᠷᠥᠭᠳᠡᠯ ᠢ ᠲᠠᠰᠤᠷᠠᠯᠲᠠ ᠥᠬᠡᠶ ᠲᠡᠭᠡᠭᠰᠢᠯᠡᠬᠦᠯᠬᠦ ᠭᠡᠷᠡᠭᠳᠡᠢ᠃ ᠠᠵᠢᠯ ᠤᠨ ᠠᠷᠭ᠎ᠠ ᠬᠡᠯᠪᠡᠷᠢ ᠶᠢᠨ ᠰᠢᠨ᠎ᠡ ᠶᠢ ᠡᠭᠦᠳᠴᠦ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠲᠣᠰᠬᠤᠨ᠂ ᠵᠢᠱᠢᠶ᠎ᠡ ᠦᠵᠡᠭᠦᠯᠬᠦ ᠡᠷᠦᠬᠡ ᠶᠢ ᠪᠣᠶ ᠪᠤᠯᠭᠠᠨ᠂ ᠴᠡᠭ ᠢᠶᠠᠷ ᠨᠡᠶᠢᠳᠡᠮ ᠢ ᠲᠠᠶᠢᠴᠢᠯᠠᠵᠤ ᠪᠠᠶᠢᠭᠠᠳ ᠪᠥᠬᠦ ᠪᠠᠯᠭᠠᠰᠤᠨ ᠤ ᠦᠨᠳᠦᠰᠦᠲᠡᠨ ᠤ ᠠᠵᠢᠯ ᠤᠨ ᠳᠠᠬᠢᠨ ᠰᠢᠨ᠎ᠡ ᠳᠡᠭᠲᠡᠷ ᠲᠤ ᠭᠠᠷᠬᠤ ᠶᠢ ᠠᠬᠢᠭᠤᠯᠬᠤ ᠭᠡᠷᠡᠭᠳᠡᠢ ᠬᠡᠵᠦ ᠴᠢᠬᠤᠯᠠᠴᠢᠯᠠᠪᠠ᠃
 
ᠢᠷᠡᠯᠲᠡ᠄ ᠯᠦᠸᠧ ᠲᠦᠸᠧ ᠱᠠᠨ ᠪᠠᠯᠭᠠᠰᠤᠨ  ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号