4 ᠰᠠᠷ᠎ᠠ ᠶᠢᠨ 23 ᠤ ᠡᠳᠦᠷ᠂ ᠬᠤᠩ ᠴᠢ ᠪᠠᠯᠭᠠᠰᠤ 2025 ᠣᠨ ᠤ ᠠᠷᠪᠠᠨ ᠨᠢᠭᠡᠳᠦᠭᠡᠷ ᠤᠳᠠᠭᠠᠨ ᠤ | ᠨᠠᠮ ᠤᠨ ᠬᠤᠷᠢᠶᠠᠨ ᠤ ᠬᠤᠷᠠᠯ ᠢ ᠬᠤᠷᠠᠯᠳᠤᠭᠤᠯᠵᠤ᠂ ᠨᠠᠮ ᠤᠨ ᠲᠥᠪ ᠬᠤᠷᠢᠶᠠᠨ ᠤ ᠠᠯᠪᠠᠨ ᠲᠢᠩᠬᠢᠮ ᠲᠥᠷᠥ ᠶᠢᠨ | ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ᠲᠠᠷᠬᠠᠭᠠᠭᠰᠠᠨ ︽ᠬᠥᠳᠡᠭᠡ ᠲᠣᠰᠬᠤᠨ ᠤ ᠦᠨᠳᠦᠰᠦᠨ ᠱᠠᠲᠤᠨ ᠤ | ᠺᠠᠳ᠋ᠷ ᠤᠨ ᠡᠭᠦᠷᠭᠡ ᠬᠠᠷᠢᠭᠤᠴᠠᠯᠭ᠎ᠠ ᠪᠠᠨ ᠠᠷᠢᠭᠤᠨ ᠴᠢᠬᠡᠴᠢ ᠪᠠᠷ ᠬᠦᠢᠴᠡᠳᠭᠡᠬᠦ ᠲᠣᠭᠲᠠᠭᠠᠯ︾᠂ ᠲᠥᠪ ᠤᠨ | ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠤᠯᠤᠰ ᠤᠨ ᠬᠢᠨᠠᠨ ᠪᠠᠶᠢᠴᠠᠭᠠᠬᠤ ᠵᠥᠪᠯᠡᠯ ᠤᠨ ᠬᠠᠷᠢᠭᠤᠴᠠᠯᠭᠠᠲᠠᠨ ᠤ ︽ | ᠬᠥᠳᠡᠭᠡ ᠲᠣᠰᠬᠤᠨ ᠤ ᠦᠨᠳᠦᠰᠦᠨ ᠱᠠᠲᠤᠨ ᠤ ᠺᠠᠳ᠋ᠷ ᠤᠨ ᠡᠭᠦᠷᠭᠡ ᠬᠠᠷᠢᠭᠤᠴᠠᠯᠭ᠎ᠠ ᠪᠠᠨ ᠠᠷᠢᠭᠤᠨ ᠴᠢᠬᠡᠴᠢ ᠪᠠᠷ | ᠬᠦᠢᠴᠡᠳᠭᠡᠬᠦ ᠲᠤᠬᠠᠶ ᠲᠣᠭᠲᠠᠭᠠᠯ︾ ᠤᠨ ᠲᠤᠬᠠᠶ ᠰᠤᠷᠪᠤᠯᠵᠢᠯᠠᠭᠴᠢ ᠳᠤ ᠦᠭᠬᠦᠭᠰᠡᠨ ᠬᠠᠷᠢᠭᠤᠯᠳᠠ ᠵᠡᠷᠭᠡ ᠶᠢ | ᠤᠯᠠᠮᠵᠢᠯᠠᠨ ᠰᠤᠷᠤᠯᠴᠠᠪᠠ᠃ ᠪᠠᠯᠭᠠᠰᠤᠨ ᠤ ᠤᠳᠤᠷᠢᠳᠬᠤ ᠪᠠᠭ ᠤᠨ ᠭᠡᠰᠢᠬᠦᠳ ᠬᠤᠷᠠᠯ ᠳᠤ ᠤᠷᠤᠯᠴᠠᠵᠠᠢ᠃ | ᠬᠤᠷᠠᠯ ᠠᠴᠠ᠂ ᠰᠤᠮᠤ ᠰᠢᠶᠠᠩ ᠪᠠᠯᠭᠠᠰᠤ ᠨᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ | ᠪᠤᠳᠤᠯᠭ᠎ᠠ ᠶᠢᠨ ᠡᠮᠦᠨ᠎ᠡ ᠹᠷᠣᠨᠲ ᠪᠣᠯᠤᠭᠰᠠᠨ ᠤ ᠬᠤᠪᠢ ᠳᠤ᠂ ᠠᠷᠢᠭᠤᠨ ᠴᠢᠬᠡᠴᠢ ᠪᠠᠷ ᠡᠬᠦᠷᠭᠡ ᠬᠠᠷᠢᠭᠤᠴᠠᠯᠭ᠎ᠠ ᠪᠠᠨ | ᠭᠦᠢᠴᠡᠳᠬᠡᠬᠦ ᠶᠠᠪᠤᠳᠠᠯ ᠨᠢ ᠨᠠᠮ ᠤᠨ ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠬᠤ ᠪᠣᠳᠠᠲᠤ ᠦᠷ᠎ᠡ ᠪᠦᠲᠦᠮᠵᠢ | ᠪᠣᠯᠤᠨ ᠤᠯᠠᠨ ᠲᠦᠮᠡᠨ ᠤ ᠲᠤᠰ ᠪᠡᠶ᠎ᠡ ᠶᠢᠨ ᠠᠰᠢᠭ ᠲᠤᠰᠠ ᠲᠠᠢ ᠰᠢᠭᠤᠳ ᠬᠤᠯᠪᠣᠭᠳᠠᠨ᠎ᠠ᠂ ᠪᠠᠯᠭᠠᠰᠤᠨ ᠤ ᠪᠦᠬᠦ | ᠺᠠᠳ᠋ᠷᠴᠤᠳ ᠡᠷᠭᠡᠪᠰᠢ ︽ᠬᠥᠳᠡᠭᠡ ᠲᠣᠰᠬᠤᠨ ᠤ ᠦᠨᠳᠦᠰᠦᠨ ᠱᠠᠲᠤᠨ ᠤ ᠺᠠᠳ᠋ᠷ ᠤᠨ ᠡᠭᠦᠷᠭᠡ ᠬᠠᠷᠢᠭᠤᠴᠠᠯᠭ᠎ᠠ ᠪᠠᠨ | ᠠᠷᠢᠭᠤᠨ ᠴᠢᠬᠡᠴᠢ ᠪᠠᠷ ᠭᠦᠢᠴᠡᠳᠬᠡᠬᠦ ᠲᠣᠭᠲᠠᠭᠠᠯ︾ ᠢᠶᠠᠷ ᠪᠠᠷᠢᠮᠵᠢᠶ᠎ᠠ ᠪᠤᠯᠭᠠᠨ᠂ ᠡᠷᠬᠡ ᠲᠤᠰᠢᠶᠠᠯ ᠭᠡᠷᠡᠭᠵᠢᠬᠦᠯᠬᠦ | ᠪᠠᠨ ᠲᠦᠷᠢᠮᠵᠢᠬᠦᠯᠵᠦ᠂ ᠰᠠᠬᠢᠯᠭ᠎ᠠ ᠪᠠᠲᠤ ᠶᠢᠨ ᠤᠯᠠᠭᠠᠨ ᠱᠤᠭᠤᠮ ᠢ ᠴᠢᠩᠭ᠎ᠠ ᠰᠠᠬᠢᠨ᠂ ᠲᠥᠪ ᠭᠤᠣᠯᠴᠢ ᠠᠷᠢᠭᠤᠨ | ᠴᠢᠬᠡᠴᠢ ᠪᠠᠶᠢᠬᠤ ᠶᠢ ᠦᠨᠡᠨᠬᠦ ᠪᠠᠳᠤᠯᠠᠵᠤ᠂ ᠨᠠᠮ ᠤᠨ ᠰᠡᠳᠬᠢᠯ ᠠᠷᠠᠳ ᠤᠨ ᠰᠡᠳᠬᠢᠯ ᠤᠨ ᠨᠡᠪᠲᠡᠷᠡᠯᠴᠡᠬᠦ | ᠬᠥᠭᠦᠷᠭᠡ ᠶᠢ ᠪᠠᠶᠢᠭᠤᠯᠤᠨ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠬᠦᠴᠦᠷᠬᠡᠭ ᠶᠡᠭᠡ ᠬᠠᠮᠲᠤᠷᠠᠯ ᠤᠨ | ᠬᠦᠴᠦᠨ ᠢ ᠨᠢᠭᠲᠠᠷᠠᠭᠤᠯᠬᠤ ᠬᠡᠷᠡᠭᠲᠡᠢ᠃ ︽ᠲᠣᠭᠲᠠᠭᠠᠯ︾ ᠢ ᠲᠤᠤᠱᠯᠠᠭᠤᠯᠤᠨ ᠬᠡᠷᠡᠭᠵᠢᠭᠦᠯᠬᠦ ᠶᠢᠨ ᠴᠢᠬᠤᠯᠠ | ᠴᠢᠨᠠᠷ ᠢ ᠭᠦᠢᠴᠡᠳ ᠲᠠᠨᠢᠵᠤ᠂ ︽ᠲᠣᠭᠲᠠᠭᠠᠯ︾ ᠢ ᠭᠦᠨᠵᠡᠭᠡᠶ ᠰᠤᠷᠤᠯᠴᠠᠨ ᠤᠬᠠᠭᠤᠯᠵᠤ᠂ ᠲᠤᠰ ᠭᠠᠵᠠᠷ ᠤᠨ | ᠢᠶᠠᠨ ᠬᠥᠳᠡᠭᠡ ᠲᠣᠰᠬᠤᠨ ᠤ ᠦᠨᠳᠦᠰᠦᠨ ᠱᠠᠲᠤᠨ ᠤ ᠺᠠᠳ᠋ᠷ ᠤᠨ ᠡᠭᠦᠷᠭᠡ ᠬᠠᠷᠢᠭᠤᠴᠠᠯᠭ᠎ᠠ ᠪᠠᠨ ᠠᠷᠢᠭᠤᠨ | ᠴᠢᠬᠡᠴᠢ ᠪᠠᠷ ᠭᠦᠢᠴᠡᠳᠬᠡᠬᠦ ᠲᠠᠯ᠎ᠠ ᠪᠠᠷ ᠣᠷᠣᠰᠢᠵᠤ ᠪᠠᠶᠢᠭ᠎ᠠ ᠲᠤᠪᠤᠶᠢᠮ᠎ᠠ ᠠᠰᠠᠭᠤᠳᠠᠯ ᠢ ᠨᠠᠷᠢᠨ ᠬᠢᠨᠠᠮᠠᠭᠠᠶ | ᠪᠠᠶᠢᠴᠠᠭᠠᠨ ᠰᠢᠢᠳᠪᠦᠷᠢᠯᠡᠵᠦ᠂ ︽ᠲᠣᠭᠲᠠᠭᠠᠯ︾ ᠢ ᠲᠤᠤᠱᠯᠠᠭᠤᠯᠤᠨ ᠬᠡᠷᠡᠭᠵᠢᠭᠦᠯᠦᠭᠰᠡᠨ ᠪᠠᠶᠢᠳᠠᠯ ᠳᠤ ᠬᠢᠨᠠᠯᠲᠠ | ᠲᠠᠯᠪᠢᠬᠤ ᠪᠠᠨ ᠴᠢᠩᠭᠠᠳᠬᠠᠵᠤ᠂ ︽ᠲᠣᠭᠲᠠᠭᠠᠯ︾ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠴᠠᠭ ᠲᠤᠬᠠᠶ ᠳᠤᠨᠢ | ᠵᠠᠯᠠᠷᠠᠭᠤᠯᠬᠤ ᠶᠢᠨ ᠬᠠᠮᠲᠤ ᠴᠢᠩᠭ᠎ᠠ ᠰᠢᠢᠳᠪᠦᠷᠢᠯᠡᠨ᠂ ︽ᠲᠣᠭᠲᠠᠭᠠᠯ︾ ᠢ ᠪᠣᠳᠠᠲᠠᠶ ᠳᠤ ᠨᠠᠶᠢᠳᠠᠪᠤᠷᠢᠵᠢᠭᠤᠯᠬᠤ ᠶᠢ | ᠦᠨᠡᠨ ᠬᠦ ᠪᠠᠲᠤᠯᠠᠵᠤ᠂ ︽ᠲᠣᠭᠲᠠᠭᠠᠯ︾ ᠠᠴᠠ ᠵᠥᠷᠢᠴᠡᠭᠰᠡᠨ ᠦᠢᠯᠡ ᠠᠵᠢᠯᠯᠠᠭ᠎ᠠ ᠡᠭᠦᠰᠬᠦ ᠶᠢ ᠡᠷᠡᠰ | ᠬᠤᠷᠢᠭᠯᠠᠬᠤ ᠬᠡᠷᠡᠭᠲᠡᠶ ᠭᠡᠵᠦ ᠴᠢᠬᠤᠯᠠᠴᠢᠯᠠᠭᠰᠠᠨ ᠪᠠᠶᠢᠨ᠎ᠠ᠃ ᠬᠤᠷᠠᠯ ᠲᠡᠭᠡᠷ᠎ᠡ ᠪᠠᠰᠠ ᠪᠤᠰᠤᠳ ᠵᠦᠢᠯ ᠢ ᠶᠠᠷᠢᠯᠴᠠᠨ | ᠰᠤᠳᠤᠯᠵᠠᠢ᠃ |