ᠠᠯᠲᠠᠷᠲᠤ ᠵᠡᠷᠭᠡ ᠬᠦᠮᠦᠰ ᠲᠠᠶᠢᠹᠤᠰᠧ ᠬᠤᠰᠢᠭᠤᠨ ᠳᠤ ᠪᠠᠶᠢᠴᠠᠭᠠᠨ ᠰᠤᠳᠤᠯᠤᠯᠲᠠ ᠬᠢᠭᠰᠡᠨ
ᠨᠡᠶᠢᠲᠡᠯᠡᠭᠰᠡᠨ ᠴᠠᠭ᠄
2025/4/27
    4 ᠰᠠᠷ᠎ᠠ ᠶᠢᠨ 25 ᠤ ᠡᠳᠦᠷ᠂ ᠠᠶᠢᠮᠠᠭ ᠤᠨ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠠᠯᠳᠠᠷᠳᠤ ᠵᠡᠷᠭᠡ ᠬᠦᠮᠦᠰ ᠲᠠᠶᠢᠹᠤᠰᠧ ᠬᠤᠰᠢᠭᠤᠨ ᠳᠤ ᠭᠦᠨᠵᠡᠭᠡᠶᠢᠷᠡᠵᠦ ︽ᠪᠡᠭᠡᠵᠢᠩ ᠥᠪᠥᠷ ᠮᠣᠩᠭᠤᠯ ᠤᠨ ᠬᠠᠮᠵᠢᠯᠴᠠᠭ᠎ᠠ ᠶᠢ ᠠᠬᠢᠭᠤᠯᠬᠤ ᠳᠤ ᠤᠯᠤᠰ ᠲᠦᠷᠦ ᠶᠢᠨ ᠵᠦᠪᠯᠡᠯᠭᠡᠨ ᠤ ᠬᠦᠴᠦᠨ ᠴᠢᠳᠠᠯ ᠢᠶᠠᠨ ᠨᠡᠮᠡᠷᠢᠯᠡᠬᠦ︾ ᠠᠵᠢᠯ ᠤᠨ ᠲᠤᠬᠠᠶ ᠲᠤᠰᠬᠠᠶ ᠰᠡᠳᠦᠪᠲᠦ ᠪᠠᠶᠢᠴᠠᠭᠠᠨ ᠰᠤᠳᠤᠯᠤᠯᠲᠠ ᠬᠢᠵᠡᠢ᠃ ᠳᠡᠳ᠋ ᠬᠤᠰᠢᠭᠤ ᠳᠠᠷᠤᠭ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠳᠠᠷᠤᠭ᠎ᠠ ᠳ᠋ᠢᠩ ᡁᠢ ᠴᠢᠶᠠᠩ᠂   ᠬᠤᠰᠢᠭᠤ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ᠂ ᠡᠳ᠋ ᠤᠨ ᠵᠠᠰᠠᠭ ᠤᠨ ᠲᠣᠪᠴᠢᠶᠠᠨ ᠤ ᠳᠠᠷᠤᠭ᠎ᠠ ᠱᠢ ᠵᠠᠨ ᠵᠢᠶᠦ᠋ᠨ ᠨᠡᠷ ᠪᠠᠷ᠎ᠠ ᠪᠣᠯᠵᠣ ᠪᠠᠶᠢᠴᠠᠭᠠᠨ ᠰᠤᠳᠤᠯᠤᠯᠲᠠ ᠬᠢᠪᠠ᠃   ᠪᠠᠶᠢᠴᠠᠭᠠᠨ ᠰᠤᠳᠤᠯᠬᠤ ᠳᠤᠭᠤᠶᠢᠯᠠᠩ ᠨᠢ ᠰᠠᠨ ᠬᠤᠤ ᠳ᠋ᠢ ᠲᠦᠷᠭᠡᠨ  ᠤ ᠵᠠᠮ ᠤᠨ ᠪᠠᠶᠢᠴᠠᠭᠠᠬᠤ ᠥᠷᠲᠡᠭᠡ ᠳᠤ ᠬᠦᠷᠴᠦ᠂  ᠬᠠᠷᠠᠭᠠᠨ ᠳᠠᠪᠲᠠᠮᠵᠢ ᠪᠠᠷ ᠬᠢᠨᠠᠨ ᠡᠵᠡᠮᠳᠡᠬᠦ ᠲᠠᠰᠤᠭ᠂ ᠳᠡᠩᠰᠡᠯᠡᠨ ᠲᠡᠮᠳᠡᠭᠯᠡᠵᠦ ᠤᠭᠳᠤᠨ ᠵᠣᠴᠢᠯᠠᠬᠤ ᠶᠡᠭᠡ ᠲᠢᠩᠬᠢᠮ ᠵᠡᠷᠭᠡ ᠬᠠᠮᠢᠶ᠎ᠠ ᠪᠥᠬᠦᠶ ᠦᠷᠦᠭᠡ ᠲᠠᠰᠤᠭ ᠤᠨ ᠪᠠᠶᠢᠭᠤᠯᠤᠯᠳᠠ ᠵᠢᠴᠢ ᠣᠶᠤᠨᠴᠢᠯᠠᠭᠰᠠᠨ ᠠᠮᠤᠷ ᠲᠦᠪᠰᠢᠨ ᠤ ᠪᠠᠶᠢᠴᠠᠭᠠᠯᠲᠠ ᠶᠢᠨ  ᠲᠤᠨᠤᠭ ᠲᠥᠬᠦᠭᠡᠷᠦᠮᠵᠢ ᠶᠢᠨ ᠪᠠᠶᠢᠳᠠᠯ ᠢ ᠪᠠᠶᠢᠴᠠᠭᠠᠨ ᠦᠵᠡᠭᠰᠡᠨ ᠤ ᠳᠠᠷᠠᠭ᠎ᠠ᠂ ᠰᠠᠨ ᠬᠤᠤ ᠳ᠋ᠢ  ᠪᠠᠶᠢᠴᠠᠭᠠᠬᠤ ᠥᠷᠲᠡᠭᠡ ᠨᠢ ᠨᠡᠶᠢᠰᠯᠡᠯ ᠤᠨ ︽ᠬᠠᠮᠠᠭᠠᠯᠠᠯᠳᠠ ᠶᠢᠨ ᠭᠤᠤᠯ︾ ᠤᠨ ᠨᠢᠭᠡᠳᠦᠭᠡᠷ ᠰᠡᠷᠭᠡᠶᠢᠯᠡᠯᠲᠡ ᠶᠢᠨ ᠱᠤᠭᠤᠮ ᠪᠤᠯᠤᠭᠰᠠᠨ ᠤ ᠬᠤᠪᠢ ᠳᠤ  ᠪᠡᠭᠡᠵᠢᠩ ᠥᠪᠥᠷ ᠮᠣᠩᠭᠤᠯ ᠬᠤᠶᠠᠷ ᠭᠠᠵᠠᠷ ᠤᠨ ᠳᠣᠲᠣᠭᠠᠳᠤ ᠶᠢ ᠬᠠᠮᠠᠭᠠᠯᠠᠬᠤ ᠰᠠᠯᠠᠭ᠎ᠠ ᠮᠥᠴᠢᠷ ᠤᠨ ᠮᠡᠳᠡᠭᠡ ᠵᠠᠩᠭᠢ ᠶᠢ ᠬᠠᠮᠲᠤ ᠪᠠᠷ ᠡᠳ᠋ᠯᠡᠬᠦ᠂ ᠬᠠᠮᠲᠤᠷᠠᠨ ᠬᠤᠯᠪᠤᠭᠠᠯᠠᠵᠤ ᠬᠠᠤᠯᠢ ᠬᠡᠷᠡᠭᠵᠢᠭᠦᠯᠬᠦ ᠵᠡᠷᠭᠡ  ᠬᠠᠮᠵᠢᠯᠴᠠᠭᠠᠨ ᠤ ᠲᠣᠭᠲᠠᠴᠠ ᠶᠢᠨ ᠲᠠᠯ᠎ᠠ ᠪᠠᠷ ᠠᠵᠢᠯ ᠤᠨ ᠦᠷ᠎ᠡ ᠪᠦᠲᠦᠮᠵᠢ ᠪᠠᠨ ᠤᠯᠠᠮ   ᠲᠡᠭᠡᠭᠰᠢᠯᠡᠬᠦᠯᠵᠦ᠂ ᠪᠠᠶᠢᠴᠠᠭᠠᠬᠤ ᠦᠷᠳᠡᠭᠡᠨ ᠤ ᠡᠯ᠎ᠡ ᠲᠦᠷᠦᠯ ᠤᠨ ᠪᠥᠲᠥᠭᠡᠨ ᠪᠠᠶᠢᠭᠤᠯᠤᠯᠲᠠ ᠶᠢᠨ ᠠᠵᠢᠯ ᠢ ᠦᠨᠡᠨ ᠬᠦ ᠰᠠᠶᠢᠲᠤᠷ ᠠᠳᠬᠤᠬᠤ ᠬᠡᠷᠡᠭᠲᠡᠶ ᠭᠡᠵᠦ ᠱᠠᠭᠠᠷᠳᠠᠭᠰᠠᠨ ᠪᠠᠶᠢᠨ᠎ᠠ᠃ ᠳᠠᠷᠠᠭ᠎ᠠ ᠨᠢ᠂ ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠬᠤᠩ ᠵᠢᠩ ᠶᠤᠸᠠᠨ ᠢᠳᠡᠰᠢᠨ ᠲᠤᠰᠤᠨ ᠤ ᠬᠢᠵᠠᠭᠠᠷᠲᠤ ᠬᠠᠷᠢᠭᠤᠴᠠᠯᠭᠠᠲᠤ ᠺᠣᠮᠫᠠᠨᠢ᠂ ᠰᠧ ᠬᠠᠶ ᠲᠠᠷᠢᠶᠠᠯᠠᠩ ᠮᠠᠯ ᠠᠵᠤ ᠠᠬᠤᠶ ᠶᠢᠨ ᠰᠢᠨᠵᠢᠯᠡᠭᠡ ᠮᠡᠷᠭᠡᠵᠢᠯ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ᠂  ᠮᠢ ᠭᠧ  ᠭᠤᠮ ᠰᠦᠯᠢᠶᠣᠣ ᠪᠣᠷᠣᠯᠠᠭᠤᠯᠬᠤ ᠬᠢᠵᠠᠭᠠᠷᠲᠤ ᠺᠣᠮᠫᠠᠨᠢ ᠵᠡᠷᠭᠡ ᠪᠡᠭᠡᠵᠢᠩ ᠥᠪᠥᠷ ᠮᠣᠩᠭᠤᠯ ᠤᠨ ᠬᠠᠮᠵᠢᠯᠴᠠᠭᠠᠨ ᠤ ᠭᠤᠤᠯᠳᠠᠯᠭ᠎ᠠ ᠲᠠᠢ ᠠᠵᠤ ᠠᠬᠤᠶᠢᠯᠠᠯ ᠳᠤ ᠬᠦᠷᠴᠦ᠂  ᠪᠦᠳᠦᠭᠡᠭᠳᠡᠬᠦᠨ ᠤ ᠰᠤᠳᠤᠯᠭ᠎ᠠ ᠨᠡᠭᠡᠭᠡᠯᠳᠡ᠂ ᠵᠠᠬ᠎ᠠ ᠳᠡᠯᠭᠡᠭᠦᠷ ᠤᠨ ᠦᠷᠭᠡᠳᠭᠡᠯ  ᠵᠡᠷᠭᠡ ᠲᠠᠯ᠎ᠠ ᠶᠢᠨ ᠦᠷ᠎ᠡ ᠪᠦᠲᠦᠭᠡᠯ ᠢ ᠣᠶᠢᠯᠠᠭᠠᠪᠠ᠃ ᠪᠠᠶᠢᠴᠠᠭᠠᠨ ᠰᠤᠳᠤᠯᠤᠯᠲᠠ ᠳᠠᠭᠤᠰᠤᠭᠰᠠᠨ ᠤ ᠳᠠᠷᠠᠭ᠎ᠠ ᠶᠠᠷᠢᠯᠴᠠᠬᠤ ᠬᠤᠷᠠᠯ ᠬᠢᠵᠡᠢ᠃ ᠠᠯᠳᠠᠷᠳᠤ ᠶᠠᠷᠢᠶᠠᠨ ᠳᠠᠭᠠᠨ᠂ ᠲᠠᠶᠢᠹᠤᠰᠧ ᠬᠤᠰᠢᠭᠤᠨ ᠤ ᠬᠢᠨ ᠪᠡᠭᠡᠵᠢᠩ ᠥᠪᠥᠷ ᠮᠣᠩᠭᠤᠯ ᠤᠨ ᠬᠠᠮᠵᠢᠯᠴᠠᠭᠠᠨ ᠤ ᠳᠤᠮᠳᠠ ᠢᠯᠡᠷᠬᠡᠢ ᠦᠷ᠎ᠡ ᠠᠮᠵᠢᠯᠳᠠ ᠣᠯᠵᠤ᠂ ᠡᠯ᠎ᠡ ᠠᠵᠤ ᠠᠬᠤᠶᠢᠯᠠᠯ ᠨᠢ ᠬᠠᠮᠵᠢᠯᠴᠠᠭᠠᠨ ᠤ ᠲᠠᠪᠴᠠᠩ ᠳᠤ ᠲᠦᠰᠢᠭᠯᠡᠨ ᠲᠣᠰ ᠪᠡᠶ᠎ᠡ ᠶᠢᠨ ᠬᠥᠭᠵᠢᠯᠲᠡ ᠪᠠᠨ ᠪᠡᠶᠡᠯᠡᠭᠦᠯᠵᠦ᠂ ᠨᠡᠶᠢᠰᠯᠡᠯ ᠤᠨ ᠲᠠᠷᠢᠶᠠᠯᠠᠩ ᠤᠨ ᠪᠦᠲᠦᠭᠡᠭᠳᠡᠬᠦᠨ ᠤ ᠬᠠᠩᠭᠠᠯᠭ᠎ᠠ ᠶᠢ ᠪᠠᠲᠤᠯᠠᠬᠤ᠂ ᠠᠮᠢ ᠠᠬᠤᠢ ᠶᠢᠨ ᠠᠮᠤᠷ ᠲᠦᠪᠰᠢᠨ ᠤ ᠰᠠᠭᠤᠷᠢ ᠶᠢ ᠪᠠᠬᠢᠵᠢᠭᠦᠯᠬᠦ᠂ ᠠᠵᠤ ᠦᠢᠯᠡᠰ ᠤᠨ ᠲᠠᠰ ᠳᠡᠪᠰᠢᠬᠦ ᠶᠢ ᠠᠬᠢᠭᠤᠯᠬᠤ ᠵᠡᠷᠭᠡ ᠲᠠᠯ᠎ᠠ ᠪᠠᠷ ᠰᠢᠨ᠎ᠡ ᠰᠢᠪᠲᠤᠯᠤᠯᠲᠠ ᠭᠠᠷᠭᠠᠭᠰᠠᠨ ᠨᠢ ᠢᠯᠡᠭᠡᠨ᠃ ᠤᠯᠤᠰ ᠲᠥᠷᠥ ᠶᠢᠨ ᠵᠥᠪᠯᠡᠯᠭᠡᠨ ᠤ ᠰᠢᠰᠲ᠋ᠧᠮ ᠳᠤ ᠨᠡᠶᠢᠰᠯᠡᠯ ᠤᠨ ︽ᠬᠠᠮᠠᠭᠠᠯᠠᠯᠳᠠ ᠶᠢᠨ ᠭᠤᠣᠯ︾ ᠢ ᠪᠠᠶᠢᠭᠤᠯᠬᠤ ᠠᠵᠢᠯ ᠢ ᠥᠷᠨᠢᠭᠦᠯᠬᠦ ᠪᠣᠯ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠤᠰᠢᠶᠠᠭᠰᠠᠨ ᠲᠠᠪᠤᠨ ᠶᠡᠭᠡ ᠡᠭᠦᠷᠭᠡ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠪᠣᠳᠠᠲᠠᠶ ᠠᠷᠭ᠎ᠠ ᠬᠡᠮᠵᠢᠶ᠎ᠡ᠂  ᠮᠦᠨ ᠴᠤ ︽ᠪᠡᠭᠡᠵᠢᠩ ᠥᠪᠥᠷ ᠮᠣᠩᠭᠤᠯ ᠤᠨ  ᠬᠠᠮᠵᠢᠯᠴᠠᠭ ᠠᠵᠢ ᠠᠬᠢᠭᠤᠯᠬᠤ ᠳᠤ ᠤᠯᠤᠰ ᠲᠥᠷᠥ ᠶᠢᠨ ᠵᠥᠪᠯᠡᠯᠭᠡᠨ ᠤ ᠬᠦᠴᠦᠨ ᠴᠢᠳᠠᠯ ᠢᠶᠠᠨ ᠨᠡᠮᠡᠷᠢᠯᠡᠬᠦ︾ ᠠᠵᠢᠯ ᠢ ᠭᠦᠨᠵᠡᠭᠡᠶ ᠠᠬᠢᠭᠤᠯᠬᠤ ᠦᠷᠭᠦᠯᠵᠢᠯᠡᠯ ᠪᠠ ᠥᠷᠭᠡᠳᠬᠡᠯ ᠪᠤᠯᠤᠨ᠎ᠠ᠃ ᠠᠶᠢᠮᠠᠭ ᠬᠤᠰᠢᠭᠤ ᠬᠤᠶᠠᠷ ᠱᠠᠲᠤᠨ ᠤ ᠤᠯᠤᠰ ᠲᠥᠷᠥ ᠶᠢᠨ ᠵᠥᠪᠯᠡᠯᠭᠡᠨ ᠨᠢ ᠪᠡᠭᠡᠵᠢᠩ ᠥᠪᠥᠷ ᠮᠣᠩᠭᠤᠯ  ᠤᠨ ᠴᠠᠭᠳᠠᠭᠠᠨ ᠤ ᠶᠠᠪᠤᠳᠠᠯ ᠤᠨ ᠬᠠᠮᠵᠢᠯᠴᠠᠭ᠎ᠠ ᠶᠢ ᠤᠯᠠᠮ ᠭᠦᠨᠵᠡᠭᠡᠶᠢᠷᠡᠭᠦᠯᠬᠦ ᠶᠢᠨ ᠲᠣᠭᠤᠷᠢᠨ ᠳᠤ᠂ ᠪᠠᠶᠢᠴᠠᠭᠠᠨ ᠰᠤᠳᠤᠯᠤᠯᠲᠠ ᠶᠢ ᠭᠦᠨᠵᠡᠭᠡᠶ ᠬᠢᠵᠦ᠂ ᠢᠳᠡᠪᠬᠢᠲᠡᠢ ᠪᠠᠷ ᠬᠥᠭᠦᠷᠭᠡ ᠬᠤᠯᠪᠣᠭᠠᠰᠤ ᠪᠠᠶᠢᠭᠤᠯᠤᠨ᠂ ᠬᠠᠮᠵᠢᠯᠴᠠᠭ᠎ᠠ ᠶᠢ ᠨᠡᠩ ᠭᠦᠨ ᠳᠠᠪᠬᠤᠷᠭ᠎ᠠ ᠨᠡᠩ ᠥᠷᠭᠡᠨ ᠬᠦᠷᠢᠶ᠎ᠡ ᠲᠡᠰᠢ ᠤᠷᠲᠤᠳᠬᠠᠬᠤ ᠶᠢ ᠠᠬᠢᠭᠤᠯᠵᠤ᠂ ᠪᠣᠳᠠᠲᠤ ᠠᠵᠢᠯᠯᠠᠭ᠎ᠠ ᠪᠠᠷ ᠢᠶᠠᠨ ︽ᠬᠤᠶᠠᠷ ᠶᠡᠭᠡ ᠶᠠᠪᠤᠳᠠᠯ︾ ᠢ ᠰᠠᠶᠢᠨ ᠬᠢᠬᠦ᠂ ᠡᠬᠡ ᠤᠯᠤᠰ ᠤᠨ ᠤᠮᠠᠷᠠᠲᠤ ᠶᠢᠨ ᠠᠮᠤᠷ ᠲᠣᠭᠲᠠᠭᠤᠨ ᠤ ᠬᠠᠯᠬᠠᠪᠴᠢ ᠶᠢ ᠪᠠᠬᠢᠵᠢᠭᠦᠯᠬᠦ ᠳᠤ ᠤᠯᠤᠰ ᠲᠦᠷᠦ ᠶᠢᠨ ᠵᠥᠪᠯᠡᠯᠭᠡᠨ ᠤ ᠤᠶᠤᠨ ᠤᠬᠠᠭᠠᠨ ᠪᠠ ᠬᠦᠴᠦᠨ ᠴᠢᠳᠠᠯ ᠢᠶᠠᠨ ᠡᠷᠭᠦᠬᠦ ᠬᠡᠷᠡᠭᠲᠡᠢ ᠭᠡᠵᠦ ᠴᠢᠬᠤᠯᠠᠴᠢᠯᠠᠪᠠ᠃
 
ᠢᠷᠡᠯᠲᠡ᠄ ᠲᠠᠶᠢᠹᠤᠰᠧ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号