ᠬᠤᠩ ᠴᠢ ᠪᠠᠯᠭᠠᠰᠤ ᠪᠡᠯᠴᠢᠭᠡᠷ ᠰᠡᠷᠬᠦᠬᠡᠵᠦ ᠪᠡᠯᠴᠢᠭᠡᠷᠯᠡᠭᠦᠯᠬᠦ ᠶᠢ ᠴᠠᠭᠠᠵᠠᠯᠠᠬᠤ ᠠᠵᠢᠯ ᠢ ᠠᠬᠢᠭᠤᠯᠬᠤ ᠬᠤᠷᠠᠯ ᠬᠢᠭᠰᠡᠨ
ᠨᠡᠶᠢᠲᠡᠯᠡᠭᠰᠡᠨ ᠴᠠᠭ᠄
2025/4/27
   ᠰᠢ ᠶᠢᠨ ᠫᠢᠩ ᠤᠨ ᠠᠮᠢ ᠠᠬᠤᠶ ᠶᠢᠨ ᠪᠣᠯᠪᠠᠰᠤᠨ ᠤ ᠦᠵᠡᠯ ᠰᠠᠨᠠᠭ᠎ᠠ ᠶᠢ ᠭᠦᠨᠵᠡᠭᠡᠶ ᠲᠤᠤᠱᠯᠠᠭᠤᠯᠤᠨ ᠨᠠᠶᠢᠳᠠᠪᠤᠷᠢᠵᠢᠭᠤᠯᠵᠤ᠂  ᠲᠠᠯ᠎ᠠ ᠨᠤᠲᠤᠭ ᠤᠨ ᠠᠮᠢ ᠠᠬᠤᠶ ᠶᠢᠨ ᠬᠠᠮᠠᠭᠠᠯᠠᠯᠲᠠ ᠶᠢ ᠤᠯᠠᠮ ᠴᠢᠩᠭᠠᠳᠬᠠᠨ᠂ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠪᠠ ᠪᠡᠯᠴᠢᠭᠡᠷ ᠰᠡᠷᠬᠦᠬᠡᠵᠦ ᠪᠡᠯᠴᠢᠭᠡᠷᠯᠡᠭᠦᠯᠬᠦ ᠶᠢ ᠴᠠᠭᠠᠵᠠᠯᠠᠬᠤ ᠠᠵᠢᠯ ᠢ ᠴᠢᠨᠠᠭᠰᠢᠳᠠ ᠠᠬᠢᠭᠤᠯᠬᠤ ᠶᠢᠨ ᠲᠥᠯᠥᠭᠡ᠂ 4 ᠰᠠᠷ᠎ᠠ ᠶᠢᠨ 25 ᠤ ᠡᠳᠦᠷ ᠬᠤᠩ ᠴᠢ ᠪᠠᠯᠭᠠᠰᠤ ᠨᠢ ᠪᠡᠯᠴᠢᠭᠡᠷ ᠰᠡᠷᠬᠦᠬᠡᠵᠦ ᠪᠡᠯᠴᠢᠭᠡᠷᠯᠡᠭᠦᠯᠬᠦ ᠶᠢ ᠴᠠᠭᠠᠵᠠᠯᠠᠬᠤ ᠠᠵᠢᠯ ᠢ ᠠᠬᠢᠭᠤᠯᠬᠤ ᠬᠤᠷᠠᠯ ᠬᠤᠷᠠᠯᠳᠤᠭᠤᠯᠵᠤ᠂ ᠳᠡᠳ᠋ ᠪᠠᠯᠭᠠᠰᠤᠨ ᠤ ᠳᠠᠷᠤᠭ᠎ᠠ ᠵᠢᠶᠠ ᠶᠠᠨ ᠬᠤᠷᠠᠯ ᠢ ᠡᠷᠬᠢᠯᠡᠨ᠂ ᠬᠠᠤᠯᠢ ᠬᠡᠷᠡᠭᠵᠢᠭᠦᠯᠬᠦ ᠠᠩᠭᠢ ᠶᠢᠨ ᠭᠤᠤᠯ ᠬᠠᠷᠢᠭᠤᠴᠠᠯᠭᠠᠲᠠᠨ᠂ ᠪᠥᠬᠦ ᠪᠠᠯᠭᠠᠰᠤᠨ ᠤ ᠣᠶ ᠰᠢᠭᠤᠶ ᠬᠠᠮᠠᠭᠠᠯᠠᠬᠤ ᠠᠵᠢᠯᠳᠠᠳ ᠬᠤᠷᠠᠯ ᠳᠤ ᠣᠷᠣᠯᠴᠠᠵᠠᠶ᠃ ᠬᠤᠷᠠᠯ ᠠᠴᠠ᠂ ᠡᠯ᠎ᠡ ᠲᠣᠰᠬᠤᠨ ᠤ ᠣᠶ ᠰᠢᠭᠤᠶ ᠬᠠᠮᠠᠭᠠᠯᠠᠭᠴᠢ ᠨᠢ ᠪᠠᠯᠭᠠᠰᠤᠨ ᠤ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠩᠭᠢ ᠲᠠᠢ ᠢᠳᠡᠪᠬᠢᠲᠡᠶ  ᠬᠠᠮᠵᠢᠯᠴᠠᠨ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠠᠯ ᠪᠡᠯᠴᠢᠭᠡᠷ ᠢ ᠲᠡᠩᠴᠡᠭᠦᠷᠢᠲᠡᠶ ᠪᠠᠶᠢᠯᠭᠠᠬᠤ ᠪᠠ ᠪᠡᠯᠴᠢᠭᠡᠷ ᠰᠡᠷᠬᠦᠬᠡᠵᠦ ᠪᠡᠯᠴᠢᠭᠡᠷᠯᠡᠭᠦᠯᠬᠦ ᠶᠢ ᠴᠠᠭᠠᠵᠠᠯᠠᠬᠤ ᠲᠦᠷᠢᠮ︾ ᠢ ᠬᠠᠮᠲᠤ ᠪᠠᠷ ᠰᠠᠶᠢᠲᠤᠷ ᠨᠠᠶᠢᠳᠠᠪᠤᠷᠢᠵᠢᠭᠤᠯᠵᠤ᠂ ᠦᠨᠡᠨᠬᠦ ᠠᠳᠬᠤᠨ ᠪᠣᠳᠠᠲᠠᠶ ᠠᠵᠢᠯᠯᠠᠬᠤ ᠰᠤᠷᠲᠠᠯ ᠢᠶᠠᠷ ᠠᠵᠢᠯ ᠤᠨ ᠨᠠᠶᠢᠳᠠᠪᠤᠷᠢᠵᠢᠭᠤᠯᠤᠯᠲᠠ ᠶᠢ ᠪᠠᠲᠤᠯᠠᠬᠤ ᠬᠡᠷᠡᠭᠲᠡᠶ᠃ ᠤᠬᠠᠭᠤᠯᠭ᠎ᠠ ᠶᠢᠨ ᠡᠷᠴᠢᠮ ᠢᠶᠠᠨ ᠴᠢᠩᠭᠠᠷᠠᠭᠤᠯᠵᠤ᠂ ᠣᠯᠠᠨ ᠲᠦᠮᠡᠨ ᠢ ᠵᠢᠯᠣᠭᠤᠳᠴᠤ ᠪᠠᠶᠢᠭᠠᠳ  ᠪᠡᠯᠴᠢᠭᠡᠷ ᠰᠡᠷᠬᠦᠬᠡᠵᠦ ᠪᠡᠯᠴᠢᠭᠡᠷᠯᠡᠭᠦᠯᠬᠦ ᠶᠢ ᠴᠠᠭᠠᠵᠠᠯᠠᠬᠤ ᠶᠢᠨ ᠠᠮᠢ ᠠᠬᠤᠶ ᠶᠢᠨ ᠬᠠᠮᠠᠭᠠᠯᠠᠯᠳᠠ ᠪᠠ ᠮᠠᠯ ᠠᠵᠤ ᠠᠬᠤᠶ ᠶᠢᠨ ᠬᠦᠭᠵᠢᠯᠳᠡ ᠳᠤ ᠦᠵᠡᠭᠦᠯᠬᠦ ᠴᠢᠬᠤᠯᠠ ᠠᠴᠢ ᠬᠤᠯᠪᠣᠭᠳᠠᠯ ᠢ ᠬᠦᠢᠴᠡᠳ ᠲᠠᠨᠢᠭᠤᠯᠤᠨ᠂ ᠡᠭᠦᠷᠭᠡ ᠬᠠᠷᠢᠭᠤᠴᠠᠯᠭ᠎ᠠ  ᠶᠢ ᠤᠬᠠᠮᠰᠠᠷ ᠠᠴᠠ ᠪᠠᠨ ᠬᠦᠢᠴᠡᠳᠭᠡᠵᠦ᠂ ᠠᠵᠢᠯ ᠤᠨ ᠡᠮᠬᠢ ᠵᠢᠷᠤᠮ ᠲᠠᠢ ᠦᠷ᠎ᠡ ᠪᠦᠳᠦᠮᠵᠢ ᠲᠠᠢ ᠶᠠᠪᠤᠭᠳᠠᠬᠤ ᠳᠤ ᠰᠠᠭᠤᠷᠢ ᠲᠠᠯᠪᠢᠬᠤ ᠬᠡᠷᠡᠭᠲᠡᠶ᠃  ᠪᠠᠯᠭᠠᠰᠤᠨ ᠤ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠩᠭᠢ ᠨᠢ ᠬᠠᠤᠯᠢ ᠬᠡᠷᠡᠭᠵᠢᠭᠦᠯᠬᠦ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠂ ᠲᠣᠭᠤᠷᠢᠨ ᠪᠠᠶᠢᠴᠠᠭᠠᠬᠤ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠬᠠᠷᠢᠭᠤᠴᠠᠯᠭ᠎ᠠ ᠶᠢ ᠬᠥᠮᠦᠨ ᠨᠢᠬᠡᠪᠦᠷᠢ ᠳᠤ ᠨᠠᠶᠢᠳᠠᠪᠤᠷᠢᠵᠢᠭᠤᠯᠤᠨ᠂  ᠡᠷᠴᠢ ᠬᠦᠴᠦᠲᠡᠶ ᠠᠷᠭ᠎ᠠ ᠬᠡᠮᠵᠢᠶ᠎ᠡ ᠪᠠᠷ ᠠᠮᠢ ᠠᠬᠤᠶ ᠶᠢᠨ ᠪᠠᠶᠢᠭᠤᠯᠤᠯᠲᠠ ᠶᠢᠨ ᠦᠷ᠎ᠡ ᠪᠦᠲᠦᠭᠡᠯ ᠢ ᠲᠠᠰᠤᠷᠠᠯᠲᠠ ᠥᠬᠡᠶ ᠪᠠᠬᠢᠵᠢᠭᠦᠯᠬᠦ ᠬᠡᠷᠡᠭᠲᠡᠶ ᠬᠡᠵᠦ ᠴᠢᠬᠤᠯᠠᠴᠢᠯᠠᠭᠰᠠᠨ ᠪᠠᠶᠢᠨ᠎ᠠ᠃
 
ᠢᠷᠡᠯᠲᠡ᠄ ᠬᠤᠩ ᠴᠢ ᠪᠠᠯᠭᠠᠰᠤᠨ ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号