ᠰᠢᠩ ᠹᠦ᠋ ᠰᠢᠶᠠᠩ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠢ ᠠᠬᠢᠭᠤᠯᠬᠤ ᠬᠤᠷᠠᠯ ᠬᠢᠭᠰᠡᠨ
ᠨᠡᠶᠢᠲᠡᠯᠡᠭᠰᠡᠨ ᠴᠠᠭ᠄
2025/4/27
   ᠲᠤᠰ ᠵᠢᠯ ᠤᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠳᠤᠯᠤᠯᠳᠠ ᠶᠢᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ   ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠯᠤᠭ᠎ᠠ ᠪᠦᠲᠦᠮᠵᠢᠲᠡᠢ ᠵᠣᠯᠭᠠᠭᠤᠯᠬᠤ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠬᠦ ᠶᠢᠨ ᠲᠥᠯᠥᠭᠡ᠂ 4 ᠰᠠᠷ᠎ᠠ ᠶᠢᠨ 25 ᠤ ᠡᠳᠦᠷ ᠰᠢᠩ ᠹᠦ᠋ ᠰᠢᠶᠠᠩ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠢ ᠠᠬᠢᠭᠤᠯᠬᠤ ᠬᠤᠷᠠᠯ ᠬᠤᠷᠠᠯᠳᠤᠭᠤᠯᠵᠤ᠂ ᠳᠡᠳ᠋  ᠰᠢᠶᠠᠩ ᠤᠨ ᠳᠠᠷᠤᠭ᠎ᠠ ᠬᠦᠢ ᠯᠦᠩ ᠬᠤᠷᠠᠯ ᠢ ᠡᠷᠬᠢᠯᠡᠨ᠂ ᠰᠢᠶᠠᠩ ᠤᠨ ᠤᠳᠤᠷᠢᠳᠬᠤ ᠪᠠᠭ ᠤᠨ ᠭᠡᠰᠢᠬᠦᠳ᠂ ᠪᠠᠶᠢᠭᠤᠯᠭ᠎ᠠ ᠨᠢᠭᠡᠴᠡ ᠶᠢᠨ ᠬᠠᠷᠢᠭᠤᠴᠠᠯᠭᠠᠲᠠᠨ᠂ ᠡᠯ᠎ᠡ ᠲᠣᠰᠬᠤᠨ ᠤ ᠨᠠᠮ ᠤᠨ ᠡᠭᠦᠷ ᠤᠨ ᠱᠦᠵᠢ᠂ ᠳᠠᠩᠰᠠ ᠮᠡᠳᠡᠭᠦᠯᠦᠭᠴᠢ᠂ ᠲᠣᠰᠬᠤᠨ ᠳᠤ ᠰᠠᠭᠤᠭ᠎ᠠ ᠨᠢᠭᠡᠳᠦᠭᠡᠷ ᠱᠦᠵᠢ ᠵᠢᠴᠢ ᠠᠵᠢᠯᠯᠠᠬᠤ ᠠᠩᠬᠢ ᠶᠢᠨ ᠭᠡᠰᠢᠭᠦᠳ ᠬᠤᠷᠠᠯ ᠳᠤ ᠣᠷᠣᠯᠴᠠᠪᠠ᠃ ᠬᠤᠷᠠᠯ ᠳᠡᠭᠡᠷ᠎ᠡ ︽ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠲᠤᠯᠤᠯᠲᠠ ᠶᠢᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠯᠤᠭ᠎ᠠ ᠪᠦᠲᠦᠮᠵᠢᠲᠡᠶ ᠵᠣᠯᠭᠠᠭᠤᠯᠬᠤ ᠠᠵᠢᠯ ᠤᠨ ᠲᠤᠬᠠᠶ ᠮᠡᠳᠡᠭᠳᠡᠯ︾  ᠳᠤ ᠲᠠᠶᠢᠯᠤᠮᠵᠢ ᠬᠢᠵᠦ᠂ ᠬᠤᠰᠢᠭᠤᠨ ᠤ ᠲᠠᠷᠢᠶᠠᠯᠠᠩ ᠮᠠᠯ ᠠᠵᠤ ᠠᠬᠤᠶ ᠶᠢᠨ ᠲᠤᠪᠴᠢᠶᠠᠨ ᠤ ᠣᠶᠢᠷ᠎ᠠ ᠶᠢᠨ ᠬᠤᠭᠤᠴᠠᠭᠠᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠤᠨ ᠱᠠᠭᠠᠷᠳᠠᠯᠭ᠎ᠠ ᠶᠢ ᠨᠡᠶᠢᠳᠡᠯᠡᠨ ᠮᠡᠳᠡᠭᠳᠡᠭᠰᠡᠨ ᠪᠥᠭᠡᠳ ᠬᠠᠮᠢᠶ᠎ᠠ ᠪᠥᠬᠦᠶ ᠠᠵᠢᠯ ᠢ ᠳᠣᠭᠢᠷᠠᠭᠤᠯᠤᠨ ᠪᠠᠶᠢᠷᠢᠯᠠᠭᠤᠯᠵᠠᠢ᠃  ᠬᠤᠷᠠᠯ   ᠠᠴᠠ᠂ ᠨᠢᠭᠡ ᠳᠤ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠳᠤᠯᠤᠯᠳᠠ ᠶᠢᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠯᠤᠭ᠎ᠠ ᠪᠦᠲᠦᠮᠵᠢᠲᠡᠢ ᠵᠣᠯᠭᠠᠭᠤᠯᠬᠤ ᠠᠵᠢᠯ ᠤᠨ ᠴᠢᠬᠤᠯᠠ ᠶᠡᠭᠡ ᠠᠴᠢ ᠬᠤᠯᠪᠣᠭᠳᠠᠯ ᠢ ᠭᠦᠨᠵᠡᠭᠡᠢ ᠲᠠᠨᠢᠵᠤ᠂  ᠬᠠᠷᠢᠭᠤᠴᠠᠯᠭ᠎ᠠ ᠶᠢ ᠡᠷᠡᠰ ᠡᠬᠦᠷᠭᠡᠯᠡᠨ᠂ ᠠᠵᠢᠯ ᠨᠢᠭᠡᠪᠦᠷᠢ ᠶᠢ ᠯᠠᠪᠳᠠᠭᠤᠨ ᠪᠠᠲᠤᠲᠠᠢ ᠠᠬᠢᠭᠤᠯᠬᠤ ᠬᠡᠷᠡᠭᠲᠡᠢ᠃ ᠬᠤᠶᠠᠷ ᠲᠤ ᠤᠢ ᠰᠢᠭᠤᠢ ᠨᠤᠲᠤᠭ ᠪᠡᠯᠴᠢᠭᠡᠷ ᠢ ᠡᠪᠳᠡᠬᠦ ᠳᠤ ᠴᠤᠬᠢᠯᠳᠠ ᠦᠭᠬᠦ ᠬᠠᠮᠢᠶ᠎ᠠ ᠪᠦᠬᠦᠢ ᠠᠵᠢᠯ ᠢ ᠰᠠᠶᠢᠨ ᠬᠢᠵᠦ᠂ ᠠᠰᠠᠭᠤᠳᠠᠯ ᠦᠯᠦ ᠭᠠᠷᠬᠤ ᠶᠢ ᠪᠠᠲᠤᠯᠠᠬᠤ ᠬᠡᠷᠡᠭᠲᠡᠢ᠃ ᠭᠤᠷᠪᠠ ᠳᠤ ᠠᠶᠤᠯᠭᠦᠢ ᠦᠢᠯᠡᠳᠪᠦᠷᠢᠯᠡᠯ ᠪᠣᠯᠤᠨ ᠦᠶᠡᠷ ᠢ ᠰᠡᠷᠭᠡᠶᠢᠯᠡᠵᠦ ᠭᠠᠮᠰᠢᠭ ᠲᠠᠢ ᠲᠡᠮᠡᠴᠡᠬᠦ ᠦᠵᠡᠯ ᠤᠬᠠᠮᠰᠠᠷ ᠢ ᠴᠢᠩᠭᠠᠳᠬᠠᠬᠤ ᠬᠡᠷᠡᠭᠲᠡᠢ᠃ ᠲᠦᠷᠪᠡ ᠳᠤ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭᠠᠨ ᠤ ᠰᠤᠷᠤᠯᠴᠠᠯᠭ᠎ᠠ ᠬᠥᠮᠦᠵᠢᠯ ᠤᠨ ᠡᠭᠦᠷᠭᠡ ᠶᠢ ᠱᠠᠭᠠᠷᠳᠠᠯᠭ᠎ᠠ ᠶᠤᠰᠤᠭᠠᠷ ᠪᠡᠶᠡᠯᠡᠬᠦᠯᠬᠦ ᠬᠡᠷᠡᠭᠲᠡᠢ᠃ ᠲᠠᠪᠤ ᠳᠤ  ᠲᠠᠷᠢᠶᠠᠯᠠᠩ ᠤᠨ ᠤᠰᠤᠨ ᠤ ᠰᠦᠢᠳᠬᠡᠯ ᠬᠤᠷᠢᠶᠠᠬᠤ ᠬᠠᠮᠢᠶ᠎ᠠ ᠪᠦᠬᠦᠢ ᠲᠦᠷᠦ ᠶᠢᠨ ᠪᠤᠳᠤᠯᠭ᠎ᠠ ᠶᠢᠨ ᠤᠬᠠᠭᠤᠯᠭ᠎ᠠ ᠶᠢ ᠴᠢᠩᠭᠠᠳᠬᠠᠨ᠂ ᠰᠦᠢᠳᠬᠡᠯ ᠬᠤᠷᠢᠶᠠᠬᠤ ᠠᠬᠢᠴᠠ ᠶᠢ ᠲᠦᠷᠭᠡᠳᠬᠡᠵᠦ  ᠰᠦᠢᠳᠭᠡᠯ ᠬᠤᠷᠢᠶᠠᠬᠤ ᠡᠬᠦᠷᠭᠡ ᠬᠠᠷᠠᠯᠲᠠ ᠶᠢ ᠡᠷᠲᠡᠬᠡᠨ ᠪᠡᠶᠡᠯᠡᠭᠦᠯᠬᠦ ᠬᠡᠷᠡᠭᠲᠡᠢ᠃ ᠵᠢᠷᠭᠤᠭ᠎ᠠ ᠳᠤ ᠤᠯᠠᠭᠠᠨ ᠴᠠᠭᠠᠨ ᠤ ᠶᠠᠪᠤᠳᠠᠯ ᠤᠨ ᠬᠡᠷᠡᠭ ᠡᠷᠬᠢᠯᠡᠭᠴᠢᠳ ᠤᠨ ᠬᠤᠷᠠᠯ ᠪᠠ ᠲᠣᠰᠬᠤᠨ ᠤ ᠠᠷᠠᠳ ᠤᠨ ᠵᠥᠪᠯᠡᠯ ᠵᠡᠷᠭᠡ ᠣᠯᠠᠨ ᠲᠦᠮᠡᠨᠴᠢ ᠴᠢᠨᠠᠷᠲᠠᠶ ᠥᠪᠡᠷᠲᠡᠭᠡᠨ ᠵᠠᠰᠠᠬᠤ ᠵᠣᠬᠢᠶᠠᠨ ᠪᠠᠶᠢᠭᠤᠯᠤᠯᠲᠠ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠣᠷᠣᠰᠢᠭᠤᠯᠭ᠎ᠠ ᠶᠢᠨ ᠥᠭᠡᠷᠡᠴᠢᠯᠡᠯᠲᠡ ᠶᠢᠨ ᠬᠠᠮᠢᠶ᠎ᠠ ᠪᠦᠬᠦᠢ ᠲᠦᠷᠢᠮ ᠲᠣᠭᠲᠠᠭᠠᠯ ᠠᠴᠠ ᠵᠥᠷᠢᠴᠡᠭᠰᠡᠨ ᠦᠢᠯᠡ  ᠠᠵᠢᠯᠯᠠᠭ᠎ᠠ ᠶᠢ ᠣᠯᠵᠤ ᠮᠡᠳᠡᠪᠡᠯ ᠴᠢᠩᠭ᠎ᠠ  ᠰᠢᠢᠳᠪᠦᠷᠢᠯᠡᠨ᠂ ᠣᠷᠣᠰᠢᠭᠤᠯᠭ᠎ᠠ ᠶᠢᠨ ᠥᠭᠡᠷᠡᠴᠢᠯᠡᠯᠲᠡ ᠶᠢᠨ ᠬᠠᠮᠢᠶ᠎ᠠ ᠪᠦᠬᠦᠢ ᠠᠵᠢᠯ ᠢ ᠳᠡᠮᠵᠢᠵᠦ᠂ ᠲᠦᠷᠦᠯ ᠰᠠᠳᠤᠨ᠂ ᠨᠠᠶᠢᠵᠠ ᠨᠦᠬᠦᠳ ᠪᠠ ᠡᠷᠬᠢᠨ ᠲᠣᠭᠤᠷᠢᠨ ᠤ ᠪᠠᠨ ᠤᠯᠠᠨ ᠲᠦᠮᠡᠨ ᠢ ᠢᠳᠡᠪᠬᠢᠳᠡᠢ ᠤᠬᠠᠭᠤᠯᠤᠨ ᠵᠢᠯᠤᠭᠤᠳᠴᠤ  ᠪᠠᠶᠢᠭᠠᠳ ᠤᠷᠤᠰᠢᠭᠤᠯᠭ᠎ᠠ ᠶᠢᠨ ᠦᠬᠡᠷᠡᠴᠢᠯᠡᠯᠳᠡ ᠶᠢᠨ ᠠᠵᠢᠯ ᠢ ᠠᠬᠢᠭᠤᠯᠬᠤ ᠬᠡᠷᠡᠭᠲᠡᠢ ᠬᠡᠵᠦ ᠴᠢᠬᠤᠯᠠᠴᠢᠯᠠᠭᠰᠠᠨ ᠪᠠᠶᠢᠨ᠎ᠠ᠃  
 
ᠢᠷᠡᠯᠲᠡ᠄ ᠰᠢᠩ ᠹᠦ᠋ ᠰᠢᠶᠠᠩ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号