ᠠᠵᠤ ᠦᠢᠯᠡᠳᠪᠦᠷᠢ ᠪᠠ ᠪᠠᠷᠢᠯᠭ᠎ᠠ ᠶᠢᠨ ᠦᠢᠯᠡᠰ — | 2024 ᠤᠨ ᠳᠤ ᠪᠦᠬᠦ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠳᠡᠭᠡᠷ᠎ᠡ ᠵᠢᠯ ᠤᠨ ᠬᠢ ᠠᠴᠠ 8. | 7% ᠪᠠᠷ ᠨᠡᠮᠡᠭᠳᠡᠵᠡᠢ᠃ ᠡᠭᠦᠨ ᠳᠤ ᠬᠡᠪᠴᠢᠭᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ | 9.2 ᠪᠠᠷ ᠨᠡᠮᠡᠭᠳᠡᠵᠦ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠦᠢᠯᠡᠳᠬᠦᠨ ᠤ ᠶᠡᠷᠦᠩᠬᠡᠶ | ᠥᠷᠲᠡᠭ 1.0% ᠪᠠᠭᠤᠷᠠᠪᠠ᠃ ᠠᠵᠤ ᠠᠬᠤᠶ ᠶᠢᠨ ᠲᠥᠷᠥᠯ ᠬᠡᠯᠪᠡᠷᠢ ᠠᠴᠠ ᠦᠵᠡᠪᠡᠯ᠂ ᠤᠯᠤᠰ ᠤᠨ | ᠥᠮᠴᠢᠯᠡᠯ ᠤᠨ ᠬᠤᠪᠢ ᠡᠵᠡᠮᠳᠡᠭᠰᠡᠨ ᠠᠵᠤ ᠠᠬᠤᠶᠢᠯᠠᠯ ᠤᠨ ᠦᠢᠯᠡᠳᠬᠦᠨ ᠤ ᠶᠡᠷᠦᠩᠬᠡᠶ ᠥᠷᠲᠡᠭ ᠠᠳᠠᠯᠢ | ᠬᠤᠭᠤᠴᠠᠭᠠᠨ ᠤ ᠬᠢ ᠠᠴᠠ 5.8% ᠪᠠᠷ ᠪᠠᠭᠤᠷᠠᠵᠤ᠂ ᠬᠤᠪᠢᠴᠠᠭᠠᠨ ᠤ ᠳᠦᠷᠢᠮᠲᠦ ᠠᠵᠤ ᠠᠬᠤᠶᠢᠯᠠᠯ ᠤᠨ | ᠦᠢᠯᠡᠳᠬᠦᠨ ᠤ ᠶᠡᠷᠦᠩᠬᠡᠶ ᠥᠷᠲᠡᠭ 1.0% ᠪᠠᠷ ᠪᠠᠭᠤᠷᠠᠵᠤ᠂ ᠭᠠᠳᠠᠭᠠᠳᠤ ᠶᠢᠨ ᠠᠷᠠᠯᠵᠢᠶᠠᠴᠢᠨ ᠵᠢᠴᠢ ᠰᠢᠶᠠᠩᠭᠠᠩ | ᠣᠣᠮᠧᠨ ᠲᠠᠶᠢᠸᠠᠨ ᠤ ᠠᠷᠠᠯᠵᠢᠶᠠᠴᠢᠨ ᠤ ᠪᠡᠯᠡ ᠣᠷᠣᠭᠤᠯᠤᠭᠰᠠᠨ ᠠᠵᠤ ᠠᠬᠤᠶᠢᠯᠠᠯ 1.1% ᠪᠠᠷ ᠪᠠᠭᠤᠷᠠᠪᠠ᠃ | ᠠᠵᠢᠯ ᠲᠥᠷᠥᠯ ᠢᠶᠠᠷ ᠬᠤᠪᠢᠶᠠᠵᠤ ᠦᠵᠡᠪᠡᠯ᠂ ᠲᠠᠷᠢᠶᠠᠯᠠᠩ ᠤᠨ ᠲᠤᠰᠠᠯᠠᠬᠤ ᠢᠳᠡᠭᠡᠨ ᠡᠳ᠋ᠰᠢᠭᠦᠯᠬᠦ ᠦᠢᠯᠡᠰ ᠤᠨ | ᠶᠡᠷᠦᠩᠬᠡᠶ ᠦᠢᠯᠡᠳᠬᠦᠨ ᠤ ᠥᠷᠲᠡᠭ ᠨᠢ ᠠᠳᠠᠯᠢ ᠬᠤᠭᠤᠴᠠᠭᠠᠨ ᠤ ᠬᠢ ᠠᠴᠠ 14.6% ᠪᠠᠷ ᠪᠠᠭᠤᠷᠠᠵᠤ᠂ ᠠᠷᠢᠬᠢ | ᠤᠮᠳᠠᠭᠠᠨ ᠪᠠ ᠨᠠᠷᠢᠯᠢᠭ ᠬᠢᠴᠡᠳᠡᠢ ᠴᠠᠢ ᠶᠢᠨ ᠦᠢᠯᠡᠰ ᠤᠨ ᠶᠡᠷᠦᠩᠬᠡᠶ ᠦᠢᠯᠡᠳᠬᠦᠨ ᠤ ᠥᠷᠲᠡᠭ ᠨᠢ ᠠᠳᠠᠯᠢ | ᠬᠤᠭᠤᠴᠠᠭᠠᠨ ᠤ ᠬᠢ ᠠᠴᠠ 6.7% ᠪᠠᠷ ᠪᠠᠭᠤᠷᠠᠵᠤ᠂ ᠡᠮ ᠡᠮᠨᠡᠯᠭᠡ ᠶᠢᠨ ᠦᠢᠯᠡᠳᠬᠡᠯ ᠤᠨ ᠦᠢᠯᠡᠰ ᠤᠨ ᠶᠡᠷᠦᠩᠬᠡᠶ | ᠦᠢᠯᠡᠳᠬᠦᠨ ᠤ ᠥᠷᠲᠡᠭ ᠨᠢ ᠠᠳᠠᠯᠢ ᠬᠤᠭᠤᠴᠠᠭᠠᠨ ᠤ ᠬᠢ ᠠᠴᠠ 4.8% ᠪᠠᠷ ᠪᠠᠭᠤᠷᠠᠵᠤ᠂ ᠭᠤᠮ ᠪᠠ | ᠰᠦᠯᠢᠶᠣᠣ ᠶᠢᠨ ᠦᠢᠯᠡᠰ ᠤᠨ ᠶᠡᠷᠦᠩᠬᠡᠶ ᠦᠢᠯᠡᠳᠬᠦᠨ ᠤ ᠥᠷᠲᠡᠭ ᠨᠢ ᠠᠳᠠᠯᠢ ᠬᠤᠭᠤᠴᠠᠭᠠᠨ ᠤ ᠬᠢ ᠠᠴᠠ 33. | 6% ᠪᠠᠷ ᠪᠠᠭᠤᠷᠠᠵᠤ᠂ ᠲᠡᠮᠦᠷᠯᠢᠭ ᠪᠤᠰᠤ ᠠᠭᠤᠷᠬᠠᠶ ᠶᠢᠨ ᠦᠢᠯᠡᠰ ᠤᠨ ᠦᠢᠯᠡᠳᠬᠦᠨ ᠤ ᠶᠡᠷᠦᠩᠬᠡᠶ ᠥᠷᠲᠡᠭ ᠨᠢ | ᠠᠳᠠᠯᠢ ᠬᠤᠭᠤᠴᠠᠭᠠᠨ ᠤ ᠬᠢ ᠠᠴᠠ 1.5% ᠪᠠᠷ ᠨᠡᠮᠡᠭᠳᠡᠨ᠂ ᠴᠠᠬᠢᠯᠭᠠᠨ ᠬᠦᠴᠦᠨ᠂ ᠢᠯᠴᠢ ᠶᠢᠨ ᠬᠦᠴᠦᠨ᠂ | ᠰᠢᠲᠠᠮᠠᠬᠠᠶ ᠬᠡᠶ ᠵᠢᠴᠢ ᠤᠰᠤᠨ ᠤ ᠦᠢᠯᠡᠳᠪᠦᠷᠢᠯᠡᠯ ᠪᠠ ᠬᠠᠩᠭᠠᠯᠭ᠎ᠠ ᠶᠢᠨ ᠦᠢᠯᠡᠰ ᠤᠨ ᠶᠡᠷᠦᠩᠬᠡᠶ ᠦᠢᠯᠡᠳᠬᠦᠨ ᠤ | ᠥᠷᠲᠡᠭ ᠨᠢ ᠠᠳᠠᠯᠢ ᠬᠤᠭᠤᠴᠠᠭᠠᠨ ᠤ ᠬᠢ ᠠᠴᠠ 4.9% ᠪᠠᠷ ᠪᠠᠭᠤᠷᠠᠵᠤ᠂ ᠲᠡᠮᠦᠷᠯᠢᠭ ᠠᠭᠤᠷᠬᠠᠶ ᠮᠠᠯᠲᠠᠬᠤ | ᠦᠢᠯᠡᠰ ᠤᠨ ᠶᠡᠷᠦᠩᠬᠡᠶ ᠦᠢᠯᠡᠳᠬᠦᠨ ᠤ ᠥᠷᠲᠡᠭ ᠨᠢ ᠠᠳᠠᠯᠢ ᠬᠤᠭᠤᠴᠠᠭᠠᠨ ᠤ ᠬᠢ ᠠᠴᠠ 167.5% ᠪᠠᠷ | ᠨᠡᠮᠡᠭᠳᠡᠪᠡ᠃ ᠭᠤᠤᠯ ᠪᠤᠯᠬᠤ ᠠᠵᠤ ᠦᠢᠯᠡᠳᠪᠦᠷᠢ ᠶᠢᠨ ᠪᠦᠳᠦᠭᠡᠭᠳᠡᠬᠦᠨ ᠤ ᠬᠡᠮᠵᠢᠶ᠎ᠡ ᠠᠴᠠ ᠠᠪᠴᠤ ᠦᠵᠡᠪᠡᠯ᠂ | ᠲᠡᠵᠢᠭᠡᠯ ᠪᠤᠷᠳᠤᠭᠠᠨ ᠤ ᠭᠠᠷᠤᠯᠳᠠ ᠳᠡᠭᠡᠷ᠎ᠡ ᠵᠢᠯ ᠤᠨ ᠬᠢ ᠠᠴᠠ 50.8% ᠪᠠᠷ ᠪᠠᠭᠤᠷᠠᠵᠤ᠂ ᠮᠠᠯ ᠤᠨ ᠡᠮ ᠤᠨ | ᠵᠦᠢᠯ ᠤᠨ ᠭᠠᠷᠤᠯᠳᠠ 13.9% ᠪᠠᠷ ᠪᠠᠭᠤᠷᠠᠵᠤ᠂ ᠨᠠᠷᠢᠯᠢᠭ ᠬᠢᠴᠡᠳᠡᠢ ᠤᠷᠭᠤᠮᠠᠯ ᠤᠨ ᠲᠣᠰᠣᠨ ᠤ ᠭᠠᠷᠤᠯᠲᠠ | 21.7% ᠪᠠᠷ ᠪᠠᠭᠤᠷᠠᠵᠤ᠂ ᠰᠢᠬᠢᠷ ᠤᠨ ᠭᠠᠷᠤᠯᠲᠠ 9.0% ᠢᠶᠠᠷ ᠪᠠᠭᠤᠷᠠᠵᠤ︔ ᠤᠮᠳᠠᠭᠠᠨ ᠪᠠ ᠠᠷᠢᠬᠢᠨ ᠤ | ᠭᠠᠷᠤᠯᠲᠠ 20.6% ᠪᠠᠷ ᠪᠠᠭᠤᠷᠠᠵᠤ︔ ᠰᠦᠯᠢᠶᠣᠣ ᠪᠦᠲᠦᠭᠡᠭᠳᠡᠬᠦᠨ ᠤ ᠭᠠᠷᠤᠯᠲᠠ 8.8% ᠪᠠᠷ ᠪᠠᠭᠤᠷᠠᠵᠤ︔ | ᠪᠠᠯ ᠴᠢᠯᠠᠭᠤ ᠵᠢᠴᠢ ᠨᠡᠭᠦᠷᠡᠰᠦᠲᠥ᠋ᠷᠥᠭᠴᠢ ᠶᠢᠨ ᠪᠦᠲᠦᠭᠡᠭᠳᠡᠬᠦᠨ ᠤ ᠭᠠᠷᠤᠯᠲᠠ 20.0% ᠢᠶᠠᠷ ᠪᠠᠭᠤᠷᠠᠵᠤ︔ | ᠲᠤᠭᠤᠯᠭ᠎ᠠ ᠶᠢᠨ ᠭᠠᠷᠤᠯᠲᠠ 166.9% ᠪᠠᠷ ᠨᠡᠮᠡᠭᠳᠡᠵᠦ︔ ᠴᠠᠶᠢᠷ ᠤᠨ ᠭᠠᠷᠤᠯᠲᠠ 124.7% ᠪᠠᠷ ᠨᠡᠮᠡᠭᠳᠡᠵᠦ︔ | ᠴᠠᠬᠢᠯᠭᠠᠨ ᠳᠡᠭᠡᠰᠦ ᠶᠢᠨ ᠭᠠᠷᠤᠯᠲᠠ 79.6% ᠪᠠᠷ ᠨᠡᠮᠡᠭᠳᠡᠪᠡ᠃ ᠪᠦᠬᠦ ᠵᠢᠯ ᠳᠤ ᠬᠡᠪᠴᠢᠶᠡᠵᠢᠯ ᠠᠴᠠ | ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠡᠵᠡᠩᠨᠡᠯᠲᠡ ᠶᠢᠨ ᠣᠷᠣᠯᠭ᠎ᠠ 36.3 ᠳ᠋ᠦᠩᠰᠢᠭᠤᠷ | ᠲᠥᠭᠦᠷᠢᠭ ᠲᠤ ᠬᠦᠷᠴᠦ᠂ ᠳᠡᠭᠡᠷ᠎ᠡ ᠵᠢᠯ ᠤᠨ ᠬᠢ ᠠᠴᠠ 9.1% ᠪᠠᠷ ᠨᠡᠮᠡᠭᠳᠡᠨ︔ ᠠᠰᠢᠭ ᠣᠷᠣᠯᠭ᠎ᠠ 5.9 | ᠳ᠋ᠦᠩᠰᠢᠭᠤᠷ ᠲᠥᠭᠦᠷᠢᠭ ᠲᠤ ᠬᠦᠷᠴᠦ᠂ 10.8% ᠪᠠᠷ ᠪᠠᠭᠤᠷᠠᠨ︔ ᠡᠵᠡᠩᠨᠡᠯᠲᠡ ᠶᠢᠨ ᠣᠷᠣᠯᠭ᠎ᠠ ᠶᠢᠨ ᠠᠰᠢᠭ | ᠬᠤᠨᠵᠢᠪᠣᠷᠢ ᠶᠢᠨ ᠨᠤᠷᠮ᠎ᠠ 15.9% ᠪᠣᠯᠪᠠ᠃ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ | ᠠᠬᠤᠶᠢᠯᠠᠯ ᠤᠨ ᠦᠢᠯᠡᠳᠬᠦᠨ ᠤ ᠪᠣᠷᠣᠯᠠᠭᠤᠯᠤᠯᠲᠠ ᠶᠢᠨ ᠨᠣᠷᠮ᠎ᠠ 108.4% ᠪᠠᠶᠢᠵᠤ᠂ 15.6 ᠵᠠᠭᠤᠨ ᠤ ᠬᠤᠪᠢ | ᠶᠢᠨ ᠴᠡᠭ ᠨᠡᠮᠡᠭᠳᠡᠪᠡ᠃ ᠬᠥᠷᠥᠩᠭᠡ ᠶᠢᠨ ᠥᠷᠢᠲᠦᠯ ᠤᠨ ᠨᠤᠷᠮ᠎ᠠ 58.1% ᠪᠠᠶᠢᠵᠤ᠂ ᠲᠦᠷᠦᠭᠦᠦ | ᠵᠢᠯ ᠤᠨ ᠬᠢ ᠠᠴᠠ 2.5 ᠵᠠᠭᠤᠨ ᠤ ᠬᠤᠪᠢ ᠶᠢᠨ ᠴᠡᠭ ᠪᠠᠭᠤᠷᠠᠪᠠ᠃ ᠪᠦᠬᠦ ᠨᠡᠶᠢᠭᠡᠮ ᠤᠨ ᠪᠠᠷᠢᠯᠭ᠎ᠠ ᠶᠢᠨ | ᠦᠢᠯᠡᠰ ᠤᠨ ᠨᠡᠮᠡᠭᠳᠡᠯ ᠥᠷᠲᠡᠭ ᠳᠡᠭᠡᠷ᠎ᠡ ᠵᠢᠯ ᠤᠨ ᠬᠢ ᠠᠴᠠ 4.7% ᠪᠠᠷ ᠨᠡᠮᠡᠭᠳᠡᠪᠡ᠃ ᠵᠢᠯ ᠤᠨ ᠡᠴᠦᠰ ᠲᠤ | ᠪᠦᠬᠦ ᠬᠤᠰᠢᠭᠤᠨ ᠤ ᠪᠠᠷᠢᠯᠭ᠎ᠠ ᠶᠢᠨ ᠦᠢᠯᠡᠰ ᠤᠨ ᠬᠢᠷᠢ ᠬᠡᠮ ᠤᠨ ᠵᠡᠷᠭᠡ ᠳᠡᠰ ᠲᠠᠢ ᠪᠠᠷᠢᠯᠭ᠎ᠠ ᠶᠢᠨ ᠠᠵᠤ ᠠᠬᠤᠶᠢᠯᠠᠯ | 6 ᠪᠠᠶᠢᠵᠤ᠂ ᠳᠡᠭᠡᠷ᠎ᠡ ᠵᠢᠯ ᠲᠠᠢ ᠠᠳᠠᠯᠢ ᠪᠤᠯᠵᠠᠢ᠃ ᠪᠦᠬᠦ ᠵᠢᠯ ᠤᠨ ᠠᠰᠢᠭ ᠣᠷᠣᠯᠭ᠎ᠠ ᠶᠢᠨ ᠶᠡᠷᠦᠩᠬᠡᠢ ᠬᠡᠮᠵᠢᠶ᠎ᠡ 1 | 313.6 ᠲᠦᠮᠡᠨ ᠲᠥᠭᠦᠷᠢᠭ ᠲᠤ ᠬᠦᠷᠴᠦ᠂ ᠡᠵᠡᠩᠨᠡᠯᠲᠡ ᠶᠢᠨ ᠭᠠᠶᠢᠯᠢ ᠪᠠ ᠨᠡᠮᠡᠯᠲᠡ ᠮᠥᠩᠭᠦ 417 ᠲᠦᠮᠡᠨ | ᠲᠥᠭᠦᠷᠢᠭ ᠲᠤ ᠬᠦᠷᠪᠡ᠃ |