ᠲᠠᠶᠢᠹᠤᠰᠧ ᠬᠤᠰᠢᠭᠤᠨ ᠤ 2024 ᠣᠨ ᠤ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢᠨ ᠲᠤᠭ᠎ᠠ ᠪᠦᠷᠢᠳᠬᠡᠯ ᠤᠨ ᠠᠯᠪᠠᠨ ᠮᠡᠳᠡᠭᠡ —  ᠳᠥᠷᠪᠡ
ᠨᠡᠶᠢᠲᠡᠯᠡᠭᠰᠡᠨ ᠴᠠᠭ᠄
2025/4/27
   ᠦᠢᠯᠡᠴᠢᠯᠡᠭᠡᠨ ᠤ ᠦᠢᠯᠡᠰ —    ᠪᠥᠬᠦ ᠵᠢᠯ ᠳᠤ ᠪᠥᠭᠡᠮ ᠢᠶᠠᠷ ᠬᠤᠳᠠᠯᠳᠤᠬᠤ ᠪᠠ ᠵᠢᠵᠢᠭᠯᠡᠨ ᠬᠤᠳᠠᠯᠳᠤᠬᠤ ᠦᠢᠯᠡᠰ ᠤᠨ ᠨᠡᠮᠡᠭᠳᠡᠯ ᠥᠷᠲᠡᠭ 4.73 ᠳ᠋ᠦᠩᠰᠢᠭᠤᠷ ᠲᠥᠭᠦᠷᠢᠭ ᠲᠤ ᠬᠦᠷᠴᠦ ᠳᠡᠭᠡᠷ᠎ᠡ ᠵᠢᠯ ᠤᠨ ᠬᠢ ᠠᠴᠠ 3.8 % ᠪᠠᠷ ᠨᠡᠮᠡᠭᠳᠡᠨ᠂ ᠵᠠᠮ ᠲᠡᠭᠡᠭᠡᠪᠦᠷᠢ᠂ ᠬᠥᠮᠥᠷᠭᠡᠯᠡᠨ ᠬᠠᠳᠠᠭᠠᠯᠠᠬᠤ ᠪᠠ ᠰᠢᠤᠳᠠᠨ ᠤ ᠦᠢᠯᠡᠰ ᠤᠨ ᠨᠡᠮᠡᠭᠳᠡᠯ ᠥᠷᠲᠡᠭ 2.61 ᠳ᠋ᠦᠩᠰᠢᠭᠤᠷ ᠲᠥᠭᠦᠷᠢᠭ ᠲᠤ ᠬᠦᠷᠴᠦ 4.4% ᠪᠠᠷ ᠪᠠᠭᠤᠷᠠᠨ᠂  ᠬᠤᠨᠤᠭ ᠪᠠᠭᠤᠳᠠᠯ ᠪᠠ ᠬᠤᠭᠤᠯᠠ ᠤᠮᠳᠠ ᠶᠢᠨ ᠦᠢᠯᠡᠰ ᠤᠨ ᠨᠡᠮᠡᠭᠳᠡᠯ ᠥᠷᠲᠡᠭ 0.94 ᠳ᠋ᠦᠩᠰᠢᠭᠤᠷ ᠲᠥᠭᠦᠷᠢᠭ ᠲᠤ ᠬᠦᠷᠴᠦ 3.6% ᠪᠠᠷ ᠨᠡᠮᠡᠭᠳᠡᠨ᠂ ᠮᠥᠩᠭᠦᠨ ᠭᠦᠢᠯᠭᠡᠭᠡᠨ ᠤ ᠦᠢᠯᠡᠰ ᠤᠨ ᠨᠡᠮᠡᠭᠳᠡᠯ ᠥᠷᠲᠡᠭ 1.85 ᠳ᠋ᠦᠩᠰᠢᠭᠤᠷ ᠲᠥᠭᠦᠷᠢᠭ ᠲᠤ ᠬᠦᠷᠴᠦ 3.5% ᠪᠠᠷ  ᠨᠡᠮᠡᠭᠳᠡᠨ᠂ ᠬᠡᠷ ᠬᠥᠷᠥᠩᠭᠡ ᠶᠢᠨ ᠦᠢᠯᠡᠰ ᠤᠨ ᠨᠡᠮᠡᠭᠳᠡᠯ ᠥᠷᠲᠡᠭ 1.00 ᠳ᠋ᠦᠩᠰᠢᠭᠤᠷ ᠲᠥᠭᠦᠷᠢᠭ ᠲᠤ ᠬᠦᠷᠴᠦ 3.3% ᠪᠠᠷ ᠨᠡᠮᠡᠭᠳᠡᠨ᠂ ᠪᠤᠰᠤᠳ ᠦᠢᠯᠡᠴᠢᠯᠡᠭᠡᠨ ᠤ ᠦᠢᠯᠡᠰ ᠤᠨ ᠨᠡᠮᠡᠭᠳᠡᠯ ᠥᠷᠲᠡᠭ 13.39 ᠳ᠋ᠦᠩᠰᠢᠭᠤᠷ ᠲᠥᠭᠦᠷᠢᠭ ᠲᠤ ᠬᠦᠷᠴᠦ 4.1% ᠪᠠᠷ ᠨᠡᠮᠡᠭᠳᠡᠪᠡ᠃ ᠪᠦᠬᠦ ᠵᠢᠯ ᠳᠤ ᠵᠠᠰᠠᠮᠠᠯ ᠵᠠᠮ ᠤᠨ ᠪᠠᠷᠠᠭ᠎ᠠ ᠲᠡᠭᠡᠭᠡᠪᠦᠷᠢ ᠶᠢᠨ ᠬᠡᠮᠵᠢᠶ᠎ᠡ ᠨᠡᠶᠢᠲᠡ 195.07 ᠲᠦᠮᠡᠨ ᠲᠣᠨ ᠳᠤ ᠬᠦᠷᠴᠦ ᠳᠡᠭᠡᠷ᠎ᠡ ᠵᠢᠯ ᠤᠨ ᠬᠢ ᠠᠴᠠ 2.9 % ᠪᠠᠷ  ᠨᠡᠮᠡᠭᠳᠡᠨ᠂ ᠵᠠᠰᠠᠮᠠᠯ ᠵᠠᠮ ᠤᠨ ᠪᠠᠷᠠᠭ᠎ᠠ ᠲᠡᠭᠡᠭᠡᠪᠦᠷᠢ ᠶᠢᠨ ᠡᠷᠭᠢᠯᠲᠡ ᠶᠢᠨ ᠬᠡᠮᠵᠢᠶ᠎ᠡ 7464.08 ᠲᠦᠮᠡᠨ ᠲᠣᠨ ᠳᠤ ᠬᠦᠷᠴᠦ 0.04% ᠪᠠᠷ ᠨᠡᠮᠡᠭᠳᠡᠨ᠂ ᠡᠵᠡᠩᠨᠡᠯᠲᠡ ᠶᠢᠨ ᠴᠢᠨᠠᠷᠲᠠᠶ ᠵᠠᠰᠠᠮᠠᠯ ᠵᠠᠮ ᠤᠨ ᠠᠶᠠᠨᠴᠢᠳ ᠤᠨ ᠲᠡᠭᠡᠭᠡᠪᠦᠷᠢ ᠶᠢᠨ ᠬᠡᠮᠵᠢᠶ᠎ᠡ 38.33 ᠲᠦᠮᠡᠨ ᠬᠥᠮᠦᠨ ᠤᠳᠠᠭ᠎ᠠ ᠳᠤ ᠬᠦᠷᠴᠦ  25.8% ᠪᠠᠷ ᠨᠡᠮᠡᠭᠳᠡᠨ᠂ ᠡᠵᠡᠩᠨᠡᠯᠲᠡ ᠶᠢᠨ ᠴᠢᠨᠠᠷᠲᠠᠶ ᠵᠠᠰᠠᠮᠠᠯ ᠵᠠᠮ ᠤᠨ ᠠᠶᠠᠨᠴᠢᠳ ᠤᠨ ᠲᠡᠭᠡᠭᠡᠪᠦᠷᠢ ᠶᠢᠨ ᠡᠷᠭᠢᠯᠲᠡ ᠶᠢᠨ ᠬᠡᠮᠵᠢᠶ᠎ᠡ 6359 ᠲᠦᠮᠡᠨ ᠬᠥᠮᠦᠨ ᠺᠢᠯᠤᠮᠧᠲᠷ   ᠲᠤ ᠬᠦᠷᠴᠦ 35.6% ᠪᠠᠷ ᠨᠡᠮᠡᠭᠳᠡᠵᠡᠢ᠃ ᠵᠢᠯ ᠤᠨ ᠡᠴᠦᠰ ᠪᠤᠯᠬᠤ ᠳᠤ ᠪᠦᠬᠦ ᠬᠤᠰᠢᠭᠤᠨ ᠤ ᠮᠠᠰᠢᠨ ᠲᠡᠷᠭᠡ ᠶᠢ ᠭᠡᠷᠡᠭᠯᠡᠬᠦᠨ ᠢᠶᠠᠷ ᠢᠶᠠᠷ ᠨᠢ ᠬᠤᠪᠢᠶᠠᠪᠠᠯ ᠡᠵᠡᠩᠨᠡᠯᠳᠡ ᠶᠢᠨ 809 ᠬᠡᠷᠡᠭᠯᠡᠭᠡ ᠪᠠᠷ ᠬᠤᠪᠢᠶᠠᠵᠤ᠂ 2.5% ᠪᠠᠷ ᠨᠡᠮᠡᠭᠳᠡᠭᠦᠯᠪᠡ︔ 204 ᠴᠢᠷᠦᠭᠦᠯ ᠲᠡᠷᠭᠡ ᠪᠠᠶᠢᠵᠤ᠂ 37.8 % ᠪᠠᠷ ᠨᠡᠮᠡᠭᠳᠡᠪᠡ᠃
 
ᠢᠷᠡᠯᠲᠡ᠄ ᠲᠠᠶᠢᠹᠤᠰᠧ ᠬᠤᠰᠢᠭᠤᠨ ᠤ ᠲᠤᠭ᠎ᠠ ᠪᠦᠷᠢᠳᠬᠡᠯ ᠤᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号