ᠲᠠᠶᠢᠹᠤᠰᠧ ᠬᠤᠰᠢᠭᠤᠨ ᠤ 2024 ᠣᠨ ᠤ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢᠨ ᠲᠤᠭ᠎ᠠ ᠪᠦᠷᠢᠳᠬᠡᠯ ᠤᠨ ᠠᠯᠪᠠᠨ ᠮᠡᠳᠡᠭᠡ —  ᠲᠠᠪᠤ
ᠨᠡᠶᠢᠲᠡᠯᠡᠭᠰᠡᠨ ᠴᠠᠭ᠄
2025/4/27
    ᠤᠯᠤᠰ ᠤᠨ ᠳᠣᠲᠣᠭᠠᠳᠤ ᠶᠢᠨ ᠠᠷᠠᠯᠵᠢᠶ᠎ᠠ —     ᠪᠦᠬᠦ ᠵᠢᠯ ᠤᠨ ᠨᠡᠶᠢᠭᠡᠮ ᠤᠨ ᠬᠡᠷᠡᠭᠯᠡᠭᠡᠨ ᠤ ᠪᠤᠳᠠᠰ ᠤᠨ ᠵᠢᠵᠢᠭᠯᠡᠨ ᠬᠤᠳᠠᠯᠳᠤᠭᠰᠠᠨ ᠶᠡᠷᠦᠩᠬᠡᠶ ᠬᠡᠮᠵᠢᠶ᠎ᠡ 9.51 ᠳ᠋ᠦᠩᠰᠢᠭᠤᠷ ᠲᠥᠭᠦᠷᠢᠭ ᠲᠤ ᠬᠦᠷᠴᠦ ᠳᠡᠭᠡᠷ᠎ᠡ ᠵᠢᠯ ᠤᠨ ᠬᠢ ᠠᠴᠠ 1.3% ᠨᠡᠮᠡᠭᠳᠡᠪᠡ᠃ ᠡᠵᠡᠩᠨᠡᠯᠲᠡ ᠶᠢᠨ ᠭᠠᠵᠠᠷ ᠤᠷᠤᠨ ᠢᠶᠠᠷ ᠨᠢ ᠪᠦᠷᠢᠳᠭᠡᠪᠡᠯ᠂ ᠬᠤᠲᠠ ᠪᠠᠯᠭᠠᠰᠤᠨ ᠤ ᠬᠡᠷᠡᠭᠯᠡᠭᠡᠨ ᠤ ᠪᠤᠳᠠᠰ ᠤᠨ ᠵᠢᠵᠢᠭᠯᠡᠨ ᠬᠤᠳᠠᠯᠳᠤᠭᠰᠠᠨ ᠬᠡᠮᠵᠢᠶ᠎ᠡ 6.56 ᠳ᠋ᠦᠩᠰᠢᠭᠤᠷ ᠲᠥᠭᠦᠷᠢᠭ ᠲᠤ ᠬᠦᠷᠴᠦ 1.3% ᠪᠠᠷ ᠨᠡᠮᠡᠭᠳᠡᠨ᠂ ᠮᠠᠯᠵᠢᠬᠤ ᠲᠠᠷᠢᠶᠠᠯᠠᠬᠤ ᠣᠷᠣᠨ ᠤ ᠬᠡᠷᠡᠭᠯᠡᠭᠡᠨ ᠤ ᠪᠤᠳᠠᠰ ᠤᠨ ᠵᠢᠵᠢᠭᠯᠡᠨ ᠬᠤᠳᠠᠯᠳᠤᠭᠰᠠᠨ ᠬᠡᠮᠵᠢᠶ᠎ᠡ 2.95 ᠳ᠋ᠦᠩᠰᠢᠭᠤᠷ ᠲᠥᠭᠦᠷᠢᠭ ᠲᠤ ᠬᠦᠷᠴᠦ 1.2% ᠢᠶᠠᠷ ᠨᠡᠮᠡᠭᠳᠡᠵᠡᠢ᠃ ᠬᠡᠷᠡᠭᠯᠡᠭᠡᠨ ᠤ ᠲᠥᠷᠥᠯ ᠢᠶᠠᠷ ᠨᠢ ᠪᠦᠷᠢᠳᠭᠡᠪᠡᠯ᠂ ᠲᠠᠸᠠᠷ ᠤᠨ ᠵᠢᠵᠢᠭᠯᠡᠨ ᠬᠤᠳᠠᠯᠳᠤᠭᠰᠠᠨ ᠬᠡᠮᠵᠢᠶ᠎ᠡ 5.82 ᠳ᠋ᠦᠩᠰᠢᠭᠤᠷ ᠲᠥᠭᠦᠷᠢᠭ ᠲᠤ ᠬᠦᠷᠴᠦ 1.1% ᠪᠠᠷ ᠨᠡᠮᠡᠭᠳᠡᠨ᠂ ᠢᠳᠡᠭᠡᠨ ᠤᠮᠳᠠᠭᠠᠨ ᠤ ᠣᠷᠣᠯᠭ᠎ᠠ 3.69 ᠳ᠋ᠦᠩᠰᠢᠭᠤᠷ ᠲᠥᠭᠦᠷᠢᠭ ᠲᠤ ᠬᠦᠷᠴᠦ 1.5% ᠪᠠᠷ ᠨᠡᠮᠡᠭᠳᠡᠪᠡ᠃ ᠠᠮᠤ ᠲᠣᠰᠣ ᠪᠠ ᠢᠳᠡᠭᠡᠨ ᠤ ᠲᠥᠷᠥᠯ ᠲᠡᠭᠡᠷ᠎ᠡ ᠵᠢᠯ ᠤᠨ ᠬᠢ ᠠᠴᠠ 10.0% ᠢᠶᠠᠷ ᠨᠡᠮᠡᠭᠳᠡᠵᠦ᠂ ᠬᠡᠷ ᠤᠨ ᠴᠠᠬᠢᠯᠭᠠᠨ ᠬᠡᠷᠡᠭᠰᠡᠯ ᠪᠠ ᠳᠠᠭᠤ ᠲᠤᠮᠤᠷᠠᠭᠤᠯᠬᠤ ᠪᠠᠭᠠᠵᠢ ᠬᠡᠷᠡᠭᠰᠡᠯ ᠤᠨ ᠲᠥᠷᠥᠯ  24.0% ᠢᠶᠠᠷ ᠨᠡᠮᠡᠭᠳᠡᠪᠡ᠃
 
ᠢᠷᠡᠯᠲᠡ᠄ ᠲᠠᠶᠢᠹᠤᠰᠧ ᠬᠤᠰᠢᠭᠤᠨ ᠤ ᠲᠤᠭ᠎ᠠ ᠪᠦᠷᠢᠳᠬᠡᠯ ᠤᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号