ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ — | ᠪᠦᠬᠦ ᠵᠢᠯ ᠳᠤ ᠪᠦᠬᠦ ᠨᠡᠶᠢᠭᠡᠮ ᠤᠨ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ︵ᠲᠠᠷᠢᠶᠠᠴᠢᠨ | ᠡᠷᠦᠬᠡ ᠶᠢ ᠪᠠᠭᠲᠠᠭᠠᠬᠤ ᠦᠭᠡᠢ︶ ᠳᠡᠭᠡᠷ᠎ᠡ ᠵᠢᠯ ᠤᠨ ᠬᠢ ᠠᠴᠠ 11.8% ᠪᠠᠷ ᠨᠡᠮᠡᠭᠳᠡᠪᠡ᠃ ᠡᠭᠦᠨ ᠳᠤ᠂ | ᠨᠢᠭᠡᠳᠦᠭᠡᠷ ᠠᠵᠤ ᠦᠢᠯᠡᠰ ᠤᠨ ᠪᠡᠯᠡ ᠣᠷᠣᠭᠤᠯᠤᠯᠲᠠ 75.3% ᠪᠠᠷ ᠨᠡᠮᠡᠭᠳᠡᠵᠦ᠂ ᠬᠤᠶᠠᠳᠤᠭᠠᠷ ᠠᠵᠤ | ᠦᠢᠯᠡᠰ ᠤᠨ ᠪᠡᠯᠡ ᠣᠷᠣᠭᠤᠯᠤᠯᠲᠠ 15.7% ᠪᠠᠷ ᠨᠡᠮᠡᠭᠳᠡᠨ᠂ ᠭᠤᠷᠪᠠᠳᠤᠭᠠᠷ ᠠᠵᠤ ᠦᠢᠯᠡᠰ ᠤᠨ ᠪᠡᠯᠡ | ᠣᠷᠣᠭᠤᠯᠤᠯᠲᠠ 0.6% ᠪᠠᠷ ᠪᠠᠭᠤᠷᠠᠪᠠ᠃ ᠠᠷᠠᠳ ᠢᠷᠭᠡᠳ ᠤᠨ ᠲᠣᠭᠲᠠᠮᠠᠯ ᠬᠥᠷᠥᠩᠭᠡ ᠶᠢᠨ ᠪᠡᠯᠡ | ᠣᠷᠣᠭᠤᠯᠤᠯᠲᠠ ᠳᠡᠭᠡᠷ᠎ᠡ ᠵᠢᠯ ᠤᠨ ᠬᠢ ᠠᠴᠠ 4.8% ᠪᠠᠷ ᠨᠡᠮᠡᠭᠳᠡᠵᠦ᠂ ᠲᠣᠭᠲᠠᠮᠠᠯ ᠬᠥᠷᠥᠩᠭᠡ ᠶᠢᠨ ᠪᠡᠯᠡ | ᠣᠷᠣᠭᠤᠯᠤᠯᠲᠠ ᠶᠢᠨ ᠡᠵᠡᠯᠡᠬᠦ ᠬᠤᠪᠢ ᠶᠢᠨ ᠵᠢᠩ ᠨᠢ 41.5% ᠳᠤ ᠬᠦᠷᠴᠡᠢ᠃ ᠰᠠᠭᠤᠷᠢ ᠲᠥᠬᠦᠭᠡᠷᠦᠮᠵᠢ ᠶᠢᠨ | ᠪᠡᠯᠡ ᠣᠷᠣᠭᠤᠯᠤᠯᠲᠠ ᠲᠡᠭᠡᠷ᠎ᠡ ᠵᠢᠯ ᠤᠨ ᠬᠢ ᠠᠴᠠ 27.6 % ᠪᠠᠷ ᠪᠠᠭᠤᠷᠠᠭᠰᠠᠨ ᠪᠠᠶᠢᠨ᠎ᠠ᠃ ᠲᠥᠷᠥᠯ ᠵᠦᠢᠯ ᠤᠨ | ᠬᠠᠷᠢᠶᠠᠯᠠᠭᠳᠠᠬᠤ ᠬᠠᠷᠢᠴᠠᠭ᠎ᠠ ᠪᠠᠷ ᠬᠤᠪᠢᠶᠠᠪᠠᠯ᠂ ᠣᠷᠣᠨ ᠨᠤᠲᠤᠭ ᠤᠨ ᠲᠥᠷᠥᠯ ᠵᠦᠢᠯ ᠤᠨ ᠪᠡᠯᠡ ᠣᠷᠣᠭᠤᠯᠤᠯᠲᠠ | 12.1% ᠪᠠᠷ ᠨᠡᠮᠡᠭᠳᠡᠵᠦ᠂ ᠲᠥᠪ ᠤᠨ ᠲᠥᠷᠥᠯ ᠵᠦᠢᠯ ᠤᠨ ᠪᠡᠯᠡ ᠣᠷᠣᠭᠤᠯᠤᠯᠲᠠ 58.8% ᠪᠠᠷ ᠪᠠᠭᠤᠷᠠᠪᠠ᠃ | ᠪᠦᠬᠦ ᠵᠢᠯ ᠳᠤ ᠭᠡᠷ ᠬᠥᠷᠥᠩᠭᠡ ᠶᠢᠨ ᠨᠡᠭᠡᠭᠡᠯᠲᠡ ᠶᠢᠨ ᠪᠡᠯᠡ ᠣᠷᠣᠭᠤᠯᠤᠯᠲᠠ 2.3 ᠳ᠋ᠦᠩᠰᠢᠭᠤᠷ ᠲᠥᠭᠦᠷᠢᠭ ᠲᠤ | ᠬᠦᠷᠴᠦ ᠳᠡᠭᠡᠷ᠎ᠡ ᠵᠢᠯ ᠤᠨ ᠬᠢ ᠠᠴᠠ 285.6% ᠪᠠᠷ ᠨᠡᠮᠡᠭᠳᠡᠵᠡᠢ᠃ ᠡᠭᠦᠨ ᠳᠤ᠂ ᠣᠷᠣᠨ ᠰᠠᠭᠤᠴᠠ ᠶᠢᠨ ᠪᠡᠯᠡ | ᠣᠷᠣᠭᠤᠯᠤᠯᠲᠠ 1.3 ᠳ᠋ᠦᠩᠰᠢᠭᠤᠷ ᠲᠥᠭᠦᠷᠢᠭ ᠲᠤ ᠬᠦᠷᠴᠦ 156.1% ᠪᠠᠷ ᠨᠡᠮᠡᠭᠳᠡᠨ᠂ ᠬᠤᠳᠠᠯᠳᠤᠭᠠᠨ ᠤ | ᠡᠵᠡᠩᠨᠡᠯᠲᠡ ᠳᠤ ᠭᠡᠷᠡᠭᠯᠡᠬᠦ ᠬᠡᠷ ᠪᠠᠶᠢᠰᠢᠩ ᠤᠨ ᠪᠠᠯᠠ ᠣᠷᠣᠭᠤᠯᠤᠯᠲᠠ 0.97 ᠳ᠋ᠦᠩᠰᠢᠭᠤᠷ ᠲᠥᠭᠦᠷᠢᠭ ᠲᠤ | ᠬᠦᠷᠴᠦ 1152.9% ᠪᠠᠷ ᠨᠡᠮᠡᠭᠳᠡᠪᠡ᠃ ᠲᠠᠸᠠᠷ ᠤᠨ ᠭᠡᠷ ᠪᠠᠶᠢᠰᠢᠩ ᠤᠨ ᠪᠤᠷᠤᠯᠠᠭᠤᠯᠤᠭᠰᠠᠨ ᠲᠠᠯᠠᠪᠠᠢ 4.85 | ᠲᠦᠮᠡᠨ ᠬᠠᠪᠳᠠᠭᠠᠢ ᠳᠦᠷᠪᠡᠯᠵᠢᠨ ᠮᠧᠲᠷ ᠲᠤ ᠬᠦᠷᠴᠦ 25.8% ᠪᠠᠷ ᠪᠠᠭᠤᠷᠠᠨ᠂ ᠲᠠᠸᠠᠷ ᠤᠨ ᠭᠡᠷ ᠪᠠᠶᠢᠰᠢᠩ ᠤᠨ | ᠪᠤᠷᠤᠯᠠᠭᠤᠯᠤᠭᠰᠠᠨ ᠬᠡᠮᠵᠢᠶ᠎ᠡ 1.67 ᠳ᠋ᠦᠩᠰᠢᠭᠤᠷ ᠲᠦᠭᠦᠷᠢᠭ ᠲᠤ ᠬᠦᠷᠴᠦ 21.0% ᠪᠠᠷ ᠪᠠᠭᠤᠷᠠᠪᠠ᠃ |