ᠰᠢᠶᠧ ᠶᠢᠨ ᠳ᠋ᠦᠩ ᠦᠨᠳᠦᠰᠦᠨ ᠱᠠᠲᠤᠨ ᠤ ᠵᠣᠬᠢᠶᠠᠨ ᠪᠠᠶᠢᠭᠤᠯᠤᠯᠲᠠ ᠶᠢᠨ ᠠᠵᠢᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2025/4/28
    4 ᠰᠠᠷ᠎ᠠ ᠶᠢᠨ 27 ᠤ ᠡᠳᠦᠷ᠂  ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠰᠢᠶᠧ ᠶᠢᠨ ᠳ᠋ᠦᠩ ᠵᠡᠷᠭᠡ ᠬᠦᠮᠦᠰ ᠯᠦᠸᠧ ᠲᠦᠸᠧ ᠱᠠᠨ ᠪᠠᠯᠭᠠᠰᠤᠨ ᠤ ᠬᠤᠩ ᠰᠢᠩ ᠲᠣᠰᠬᠤᠨ᠂ ᠵᠠᠩ ᠹᠠᠩ ᠱᠠᠨ ᠲᠣᠰᠬᠤᠨ ᠳᠤ ᠭᠦᠨᠵᠡᠭᠡᠶᠢᠷᠡᠵᠦ᠂ ᠲᠤᠬᠠᠶ ᠶᠢᠨ ᠭᠠᠵᠠᠷ ᠲᠤᠨᠢ ᠪᠠᠶᠢᠴᠠᠭᠠᠬᠤ᠂ ᠲᠠᠩᠰᠠ ᠮᠠᠲ᠋ᠧᠷᠢᠶᠠᠯ ᠢ ᠦᠵᠡᠬᠦ᠂ ᠶᠠᠷᠢᠯᠴᠠᠨ ᠰᠣᠯᠢᠯᠴᠠᠬᠤ ᠵᠡᠷᠭᠡ ᠠᠷᠭ᠎ᠠ ᠮᠠᠶ᠋ᠢᠭ ᠢᠶᠠᠷ ᠡᠯ᠎ᠡ ᠲᠣᠰᠬᠤᠨ ᠤ ᠦᠨᠳᠦᠰᠦᠨ ᠪᠠᠶᠢᠳᠠᠯ  ᠵᠢᠴᠢ ᠲᠣᠰᠬᠤᠨ ᠱᠠᠲᠤᠨ ᠤ ᠵᠣᠬᠢᠶᠠᠨ ᠪᠠᠶᠢᠭᠤᠯᠤᠯᠲᠠ ᠶᠢᠨ ᠴᠤᠭᠴᠠᠯᠠᠯᠳᠠ᠂ ᠲᠣᠰᠬᠤᠨ ᠤ ︽ᠬᠤᠶᠠᠷ ᠵᠥᠪᠯᠡᠯ︾ ᠤᠨ ᠤᠳᠤᠷᠢᠳᠬᠤ ᠪᠠᠭ ᠤᠨ ᠪᠦᠷᠢᠯᠳᠦᠴᠡ᠂ ᠪᠡᠯᠡᠳᠬᠡᠯ ᠺᠠᠳ᠋ᠷ ᠤᠨ ᠨᠥᠭᠡᠴᠡ᠂ ᠬᠤᠭᠤᠴᠠᠭ᠎ᠠ ᠰᠣᠯᠢᠬᠤ ᠰᠣᠩᠭᠤᠭᠤᠯᠢ ᠶᠢᠨ ᠪᠡᠯᠡᠳᠬᠡᠯ᠂ ᠨᠠᠮ ᠤᠨ ᠭᠡᠰᠢᠭᠦᠨ ᠣᠯᠠᠨ ᠲᠦᠮᠡᠨ ᠤ ᠰᠠᠨᠠᠯ ᠰᠠᠨᠠᠭᠤᠯᠭ᠎ᠠ ᠵᠡᠷᠭᠡ ᠶᠢ ᠨᠠᠷᠢᠨ ᠣᠶᠢᠯᠠᠭᠠᠵᠤ᠂ ᠲᠣᠰᠬᠤᠨ ᠤ ᠨᠠᠮ ᠤᠨ ᠡᠭᠦᠷ ᠤᠨ ᠱᠦᠵᠢ ᠶᠢᠨ ᠡᠭᠦᠷᠭᠡ ᠲᠤᠰᠢᠶᠠᠯ ᠢᠶᠠᠨ ᠭᠦᠢᠴᠡᠳᠭᠡᠭᠰᠡᠨ ᠪᠠᠶᠢᠳᠠᠯ ᠵᠢᠴᠢ ᠲᠠᠷᠠᠭᠠᠴᠢ ᠶᠢᠨ ᠠᠯᠬᠤᠮ ᠤᠨ ᠠᠵᠢᠯ ᠤᠨ ᠰᠡᠳᠬᠢᠴᠡ ᠶᠢ ᠰᠤᠨᠤᠰᠤᠭᠰᠠᠨ ᠪᠠᠶᠢᠨ᠎ᠠ᠃ ᠰᠢᠶᠧ ᠶᠢᠨ ᠳ᠋ᠦᠩ   ᠠᠴᠠ ᠡᠯ᠎ᠡ ᠲᠣᠰᠬᠤᠨ ᠤ ︽ᠬᠤᠶᠠᠷ ᠵᠥᠪᠯᠡᠯ︾ ᠤᠨ ᠤᠳᠤᠷᠢᠳᠬᠤ ᠪᠠᠭ ᠤᠨ ᠠᠵᠢᠯ ᠢ ᠭᠦᠢᠴᠡᠳ ᠨᠤᠲᠠᠯᠠᠭᠰᠠᠨ ᠪᠥᠭᠡᠳ ᠡᠯ᠎ᠡ ᠲᠣᠰᠬᠤᠨ ᠤ ᠣᠳᠣᠬᠢ ᠪᠠᠶᠢᠳᠠᠯ ᠲᠠᠢ ᠤᠶᠠᠯᠳᠤᠭᠤᠯᠵᠤ᠂ ᠳᠠᠷᠠᠭᠠᠴᠢ ᠶᠢᠨ ᠠᠯᠬᠤᠮ ᠤᠨ ᠠᠵᠢᠯ ᠢ ᠰᠠᠶᠢᠲᠤᠷ ᠬᠢᠬᠦ ᠲᠤᠬᠠᠢ ᠰᠠᠨᠠᠭᠤᠯᠭ᠎ᠠ ᠳᠤᠷᠠᠳᠪᠠ᠃ ᠲᠤᠬᠠᠶᠢᠯᠠᠪᠠᠯ᠂ ᠨᠢᠭᠡ ᠳᠤ ︽ᠤᠯᠤᠰ ᠲᠦᠷᠦ ᠶᠢᠨ ᠪᠣᠭᠤᠮᠲᠠ︾ ᠶᠢ ᠴᠢᠩᠭ᠎ᠠ ᠠᠳᠬᠤᠬᠤ ᠬᠡᠷᠡᠭᠲᠡᠢ᠃ ᠲᠣᠰᠬᠤᠨ ᠤ ︽ᠬᠤᠶᠠᠷ ᠵᠥᠪᠯᠡᠯ︾ ᠤᠨ ᠬᠤᠭᠤᠴᠠᠭ᠎ᠠ ᠰᠣᠯᠢᠬᠤ ᠠᠵᠢᠯ ᠨᠢ ᠨᠠᠮ ᠤᠨ ᠲᠦᠷᠦ ᠪᠠᠷᠢᠬᠤ ᠰᠠᠭᠤᠷᠢ ᠯᠤᠭ᠎ᠠ ᠬᠤᠯᠪᠣᠭᠳᠠᠵᠤ᠂ ᠤᠯᠠᠨ ᠲᠦᠮᠡᠨ ᠤ ᠠᠰᠢᠭ ᠲᠤᠰᠠ ᠯᠤᠭ᠎ᠠ ᠬᠤᠯᠪᠤᠭᠳᠠᠬᠤ ᠪᠤᠯᠬᠤᠷ ᠤᠯᠤᠰ ᠲᠦᠷᠦ ᠶᠢᠨ ᠪᠠᠷᠢᠮᠵᠢᠶ᠎ᠠ ᠶᠢ ᠲᠡᠷᠢᠭᠦᠨ ᠪᠠᠶᠢᠷᠢᠨ ᠳᠤ ᠲᠠᠯᠪᠢᠵᠤ᠂ ︽ ᠬᠢᠵᠦ ᠪᠦᠳᠦᠭᠡᠬᠦ ᠶᠢ ᠪᠤᠳᠤᠳᠠᠭ᠂  ᠬᠢᠵᠦ ᠪᠦᠳᠦᠭᠡᠵᠦ ᠴᠢᠳᠠᠳᠠᠭ︾ ᠬᠥᠮᠦᠨ ᠢ ᠲᠣᠰᠬᠤᠨ ᠤ ︽ᠬᠤᠶᠠᠷ ᠵᠥᠪᠯᠡᠯ︾ ᠤᠨ ᠪᠠᠭ ᠲᠤ ᠣᠷᠣᠭᠤᠯᠬᠤ ᠬᠡᠷᠡᠭᠲᠡᠢ᠃ ᠬᠤᠶᠠᠷ ᠲᠤ ︽ᠰᠠᠬᠢᠯᠭ᠎ᠠ ᠪᠠᠲᠤ ᠶᠢᠨ ᠴᠢᠪᠬᠠᠳᠠᠰᠤ︾  ᠶᠢ  ᠰᠠᠶᠢᠳᠤᠷ ᠴᠢᠩᠭᠠᠯᠠᠬᠤ ᠭᠡᠷᠡᠭᠳᠡᠢ᠃ ᠤᠪᠤᠷ ᠰᠤᠷᠲᠠᠯ ᠢ ᠲᠥᠪ ᠪᠣᠯᠭᠠᠨ ᠰᠠᠬᠢᠯᠭ᠎ᠠ ᠪᠠᠲᠤ ᠶᠢ ᠡᠷᠡᠰ ᠴᠢᠩᠳᠠᠯᠠᠬᠤ ᠶᠢ ᠰᠣᠩᠭᠤᠭᠤᠯᠢ ᠶᠢᠨ ᠪᠦᠬᠦ ᠶᠠᠪᠤᠴᠠ ᠳᠤ ᠲᠤᠤᠱᠯᠠᠭᠤᠯᠵᠤ᠂ ᠠᠷᠠᠳᠴᠢᠯᠠᠯ ᠢ ᠭᠦᠢᠴᠡᠳ ᠪᠠᠳᠠᠷᠠᠭᠤᠯᠤᠨ᠂ ᠬᠠᠤᠯᠢ ᠶᠢ ᠴᠢᠩᠭ᠎ᠠ ᠵᠢᠷᠤᠮᠯᠠᠵᠤ᠂ ᠬᠤᠭᠤᠴᠠᠭ᠎ᠠ ᠰᠣᠯᠢᠬᠤ ᠰᠣᠩᠭᠤᠭᠤᠯᠢ ᠶᠢᠨ  ᠠᠷᠢᠭᠤᠨ ᠴᠢᠭᠡᠴᠢ ᠠᠮᠤᠷ ᠲᠣᠭᠲᠠᠭᠤᠨ ᠢᠯᠭᠤᠮ᠎ᠠ ᠤᠷᠤᠭᠰᠢᠲᠠᠢ ᠶᠠᠪᠤᠭᠳᠠᠬᠤ ᠶᠢ ᠪᠠᠲᠤᠯᠠᠬᠤ ᠬᠡᠷᠡᠭᠲᠡᠢ᠃ ᠭᠤᠷᠪᠠ ᠳᠤ ︽ᠪᠣᠳᠠᠲᠠᠢ ᠠᠵᠢᠯᠯᠠᠬᠤ ᠰᠢᠯᠭᠠᠯᠳᠠ ᠶᠢᠨ︾ ᠢ ᠰᠠᠶᠢᠲᠤᠷ ᠬᠠᠷᠢᠭᠤᠯᠬᠤ ᠭᠡᠷᠡᠭᠳᠡᠢ᠃ ᠲᠣᠰᠬᠤᠨ ᠤ ︽ᠬᠤᠶᠠᠷ ᠵᠥᠪᠯᠡᠯ︾ ᠤᠨ ᠭᠡᠰᠢᠬᠦᠳ ᠨᠢ ᠦᠷᠭᠦᠯᠵᠢᠯᠡᠨ ᠣᠯᠠᠨ ᠲᠦᠮᠡᠨ ᠤ ᠲᠤᠰᠬᠠᠭᠰᠠᠨ ᠠᠰᠠᠭᠤᠳᠠᠯ ᠢ ᠰᠢᠢᠳᠪᠦᠷᠢᠯᠡᠬᠦ ᠪᠠᠷ ᠵᠣᠷᠢᠯᠲᠠ ᠪᠣᠯᠭᠠᠵᠤ᠂ ᠣᠯᠠᠨ ᠲᠦᠮᠡᠨ ᠤ ᠬᠠᠨᠤᠮᠵᠢ ᠶᠢᠨ ᠬᠡᠮᠵᠢᠶ᠎ᠡ ᠶᠢ ᠳᠡᠭᠡᠭᠰᠢᠯᠡᠭᠦᠯᠬᠦ ᠪᠠᠷ ᠲᠤᠰᠤᠯᠲᠠ ᠪᠤᠯᠭᠠᠨ᠂ ᠠᠷᠠᠳ ᠤᠨ ᠲᠦᠯᠦᠭᠡᠨ ᠤ ᠪᠣᠳᠠᠲᠤ ᠶᠠᠪᠤᠳᠠᠯ ᠢ ᠰᠡᠳᠬᠢᠯ ᠲᠠᠯᠪᠢᠨ ᠰᠠᠶᠢᠲᠤᠷ ᠬᠢᠵᠦ᠂ ᠬᠤᠭᠤᠴᠠᠭ᠎ᠠ ᠰᠣᠯᠢᠬᠤ ᠠᠵᠢᠯ ᠤᠨ ᠤᠷᠤᠭᠰᠢᠳᠠᠢ ᠶᠠᠪᠤᠭᠳᠠᠬᠤ   ᠶᠢ  ᠪᠠᠲᠤᠯᠠᠬᠤ ᠬᠡᠷᠡᠭᠲᠡᠶ ᠬᠡᠵᠦ ᠴᠢᠥᠬᠤᠯᠠᠴᠢᠯᠠᠭᠰᠠᠨ ᠪᠠᠶᠢᠨ᠎ᠠ᠃
 
ᠢᠷᠡᠯᠲᠡ᠄ ᠯᠦᠸᠧ ᠲᠦᠸᠧ ᠱᠠᠨ ᠪᠠᠯᠭᠠᠰᠤᠨ  ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号