4 ᠰᠠᠷ᠎ᠠ ᠶᠢᠨ 27 ᠤ ᠡᠳᠦᠷ᠂ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠦ᠋ ᠭᠤᠸᠠᠩ ᠹᠧᠩ ᠵᠡᠷᠭᠡ ᠬᠦᠮᠦᠰ ᠴᠢᠶᠠᠨ ᠶᠢᠨ ᠭᠸᠦ ᠪᠠᠯᠭᠠᠰᠤᠨ ᠤ | ᠵᠢᠶᠠᠨ ᠭᠦᠸᠧ ᠲᠣᠰᠬᠤᠨ᠂ ᠯᠢᠨ ᠲᠠᠨ ᠲᠣᠰᠬᠤᠨ ᠳᠤ ᠬᠦᠨᠵᠡᠬᠡᠶᠢᠷᠡᠵᠦ᠂ ᠭᠠᠴᠠᠭ᠎ᠠ ᠲᠣᠰᠬᠤᠨ ᠤ ︽ᠬᠤᠶᠠᠷ | ᠵᠥᠪᠯᠡᠯ︾ ᠤᠨ ᠬᠤᠭᠤᠴᠠᠭ᠎ᠠ ᠰᠣᠯᠢᠬᠤ ᠠᠴᠠ ᠡᠮᠦᠨᠡᠬᠢ ᠪᠡᠯᠡᠳᠬᠡᠯ ᠠᠵᠢᠯ ᠳᠤ ᠪᠠᠶᠢᠴᠠᠭᠠᠨ ᠰᠤᠳᠤᠯᠤᠯᠲᠠ ᠬᠢᠵᠡᠢ᠃ | ᠪᠠᠯᠭᠠᠰᠤᠨ ᠤ ᠨᠠᠮ ᠤᠨ ᠬᠤᠷᠢᠶᠠᠨ ᠤ ᠱᠦᠵᠢ ᠭᠤᠤ ᠶᠢᠩ ᠵᠦᠸᠧ ᠪᠠᠷ᠎ᠠ ᠪᠣᠯᠪᠠ᠃ ᠦ᠋ ᠭᠤᠸᠠᠩ ᠹᠧᠩ | ᠲᠤᠬᠠᠶ ᠶᠢᠨ ᠭᠠᠵᠠᠷ ᠲᠤᠨᠢ ᠪᠠᠶᠢᠴᠠᠭᠠᠨ ᠦᠵᠡᠬᠦ᠂ ᠡᠷᠦᠬᠡ ᠳᠤ ᠬᠦᠷᠴᠦ ᠰᠤᠷᠪᠤᠯᠵᠢᠯᠠᠬᠤ᠂ ᠶᠠᠷᠢᠯᠴᠠᠨ ᠰᠣᠯᠢᠯᠴᠠᠬᠤ | ᠵᠡᠷᠭᠡ ᠠᠷᠭ᠎ᠠ ᠬᠡᠯᠪᠡᠷᠢ ᠪᠠᠷ ᠲᠤᠰᠬᠤᠨ ᠤ ᠦᠨᠳᠦᠰᠦᠨ ᠪᠠᠶᠢᠳᠠᠯ᠂ ᠤᠳᠤᠷᠢᠳᠬᠤ ᠪᠠᠭ ᠤᠨ ᠪᠦᠷᠢᠯᠳᠦᠴᠡ᠂ | ᠨᠠᠮ ᠤᠨ ᠭᠡᠰᠢᠬᠦᠳ ᠤᠨ ᠪᠠᠶᠢᠳᠠᠯ᠂ ᠵᠢᠱᠢᠭᠳᠡᠭᠴᠢ ᠶᠢ ᠪᠡᠯᠡᠳᠬᠡᠬᠦ᠂ ᠣᠯᠠᠨ ᠲᠦᠮᠡᠨ ᠤ ᠬᠦᠰᠡᠯ ᠱᠠᠭᠠᠷᠳᠠᠯᠭ᠎ᠠ᠂ | ᠨᠢᠭᠤᠭᠳᠠᠵᠤ ᠪᠠᠶᠢᠭ᠎ᠠ ᠬᠡᠮ ᠰᠤᠭᠤᠭ ᠂ ᠪᠣᠭᠤᠮᠲᠠ ᠰᠢᠪᠲᠤᠯᠬᠤ ᠶᠢᠨ ᠭᠤᠤᠯᠳᠠᠯᠭ᠎ᠠ ᠵᠡᠷᠭᠡ ᠶᠢ ᠭᠦᠨᠵᠡᠭᠡᠶ | ᠣᠶᠢᠯᠠᠭᠠᠬᠤ ᠶᠢᠨ ᠬᠠᠮᠲᠤ ᠲᠤᠷᠤᠢ ᠪᠠᠭᠤᠷᠠᠶ ᠰᠤᠯᠠ ᠵᠠᠳᠠᠭᠠᠶ ᠭᠠᠴᠠᠭ᠎ᠠ ᠲᠣᠰᠬᠤᠨ ᠤ ᠨᠠᠮ ᠤᠨ ᠵᠣᠬᠢᠶᠠᠨ | ᠪᠠᠶᠢᠭᠤᠯᠤᠯᠲᠠ ᠶᠢᠨ ᠪᠠᠶᠢᠳᠠᠯ ᠢ ᠤᠶᠢᠯᠠᠭᠠᠨ ᠪᠠᠶᠢᠴᠠᠭᠠᠭᠰᠠᠨ ᠪᠠᠶᠢᠨ᠎ᠠ᠃ ᠦ᠋ ᠭᠤᠸᠠᠩ ᠹᠧᠩ ᠠᠴᠠ᠂ ᠭᠠᠴᠠᠭ᠎ᠠ | ᠲᠣᠰᠬᠤᠨ ᠤ ︽ᠬᠤᠶᠠᠷ ᠵᠥᠪᠯᠡᠯ︾ ᠤᠨ ᠬᠤᠭᠤᠴᠠᠭ᠎ᠠ ᠰᠣᠯᠢᠬᠤ ᠠᠵᠢᠯ ᠪᠣᠯ ᠦᠨᠳᠦᠰᠦᠨ ᠱᠠᠲᠤᠨ ᠤ ᠤᠯᠤᠰ | ᠲᠥᠷᠥ ᠶᠢᠨ ᠠᠮᠢᠳᠤᠷᠠᠯ ᠳᠤᠮᠳᠠᠬᠢ ᠶᠡᠭᠡ ᠶᠠᠪᠤᠳᠠᠯ ᠪᠤᠯᠬᠤᠷ ᠡᠷᠭᠡᠪᠰᠢ ᠨᠠᠮ ᠤᠨ ᠤᠳᠤᠷᠢᠳᠤᠯᠭ᠎ᠠ ᠶᠢ ᠬᠤᠭᠤᠴᠠᠭ᠎ᠠ | ᠰᠣᠯᠢᠬᠤ ᠠᠵᠢᠯ ᠤᠨ ᠪᠥᠬᠦ ᠶᠠᠪᠤᠴᠠ ᠡᠯ᠎ᠡ ᠲᠠᠯ᠎ᠠ ᠳᠤ ᠲᠤᠤᠱᠯᠠᠭᠤᠯᠤᠨ᠂ ᠬᠤᠭᠤᠴᠠᠭ᠎ᠠ ᠰᠣᠯᠢᠬᠤ ᠠᠵᠢᠯ ᠢ | ᠰᠠᠶᠢᠲᠤᠷ ᠬᠢᠬᠦ ᠬᠠᠷᠢᠭᠤᠴᠠᠯᠭᠠᠲᠤ ᠰᠡᠳᠬᠢᠯᠭᠡ ᠪᠠᠨ ᠪᠥᠬᠦ ᠲᠠᠯ᠎ᠠ ᠪᠠᠷ ᠴᠢᠩᠭᠠᠳᠬᠠᠬᠤ ᠬᠡᠷᠡᠭᠲᠡᠶ᠃ ᠤᠯᠤᠰ | ᠲᠥᠷᠥ ᠶᠢᠨ ᠬᠤᠷᠴᠠ ᠰᠡᠷᠭᠡᠭ ᠴᠢᠨᠠᠷ ᠢ ᠳᠡᠭᠡᠭᠰᠢᠯᠡᠭᠦᠯᠵᠦ᠂ ᠦᠵᠡᠯ ᠰᠠᠨᠠᠭ᠎ᠠ ᠪᠠᠨ ᠤᠯᠠᠮ ᠨᠢᠭᠡᠳᠬᠡᠨ᠂ ᠥᠪᠡᠷᠲᠡᠭᠡᠨ | ᠵᠠᠰᠠᠬᠤ ᠣᠷᠣᠨ᠂ ᠠᠶᠢᠮᠠᠭ ᠤᠨ ᠨᠠᠮ ᠤᠨ ᠬᠤᠷᠢᠶ᠎ᠠ᠂ ᠬᠤᠰᠢᠭᠤ ᠨᠠᠮ ᠤᠨ ᠬᠤᠷᠢᠶᠠᠨ ᠤ ᠭᠠᠴᠠᠭ᠎ᠠ ᠲᠣᠰᠬᠤᠨ ᠤ ︽ | ᠬᠤᠶᠠᠷ ᠵᠥᠪᠯᠡᠯ︾ ᠤᠨ ᠬᠤᠭᠤᠴᠠᠭ᠎ᠠ ᠰᠣᠯᠢᠬᠤ ᠠᠵᠢᠯ ᠤᠨ ᠪᠠᠶᠢᠷᠢᠯᠠᠭᠤᠯᠤᠯᠲᠠ ᠶᠢ ᠰᠠᠶᠢᠲᠤᠷ ᠨᠠᠶᠢᠳᠠᠪᠤᠷᠢᠵᠢᠭᠤᠯᠵᠤ | ᠠᠵᠢᠯ ᠡᠭᠦᠷᠭᠡ ᠶᠢ ᠲᠣᠳᠣᠷᠬᠠᠶᠢᠯᠠᠨ᠂ ᠠᠷᠭ᠎ᠠ ᠬᠡᠮᠵᠢᠶ᠎ᠡ ᠪᠠᠨ ᠴᠢᠩᠭᠠᠳᠬᠠᠬᠤ ᠬᠡᠷᠡᠭᠲᠡᠶ᠃ ᠬᠥᠮᠦᠨ ᠰᠣᠩᠭᠤᠵᠤ | ᠬᠡᠷᠡᠭᠯᠡᠬᠦ ᠢᠯᠡ ᠲᠣᠳᠣ ᠤᠳᠤᠷᠢᠳᠤᠮᠵᠢ ᠶᠢ ᠪᠤᠢ ᠪᠤᠯᠭᠠᠨ᠂ ᠤᠯᠤᠰ ᠲᠦᠷᠦ ᠶᠢᠨ ᠲᠠᠯ᠎ᠠ ᠪᠠᠷ ᠪᠠᠲᠤ ᠴᠢᠩᠭ᠎ᠠ᠂ | ᠪᠣᠳᠠᠲᠠᠢ ᠶᠢ ᠡᠷᠬᠢᠮᠯᠡᠨ ᠵᠣᠷᠢᠭᠲᠠᠢ ᠠᠵᠢᠯᠯᠠᠬᠤ᠂ ᠪᠦᠲᠦᠴᠡ ᠶᠢ ᠰᠢᠯᠢᠳᠡᠭᠵᠢᠬᠦᠯᠬᠦ ᠶᠢ ᠲᠤᠪᠤᠶᠢᠯᠭᠠᠵᠤ᠂ ᠬᠦᠨ | ᠭᠦᠨᠵᠡᠭᠡᠢ ᠰᠡᠳᠬᠢᠨ ᠠᠯᠤᠰ ᠬᠤᠯᠠ ᠶᠢ ᠪᠣᠳᠣᠯᠬᠢᠯᠠᠵᠤ᠂ ᠲᠣᠰᠬᠤᠨ ᠤ ︽ᠬᠤᠶᠠᠷ ᠵᠥᠪᠯᠡᠯ︾ ᠤᠨ ᠤᠳᠤᠷᠢᠳᠬᠤ | ᠪᠠᠭ ᠢ ᠦᠨᠡᠨ ᠬᠦ ᠰᠢᠯᠢᠳᠡᠭᠵᠢᠬᠦᠯᠦᠨ ᠲᠤᠬᠢᠷᠠᠭᠤᠯᠵᠤ᠂ ᠮᠠᠨ ᠤ ᠬᠤᠰᠢᠭᠤᠨ ᠤ ᠬᠥᠳᠡᠭᠡ ᠲᠣᠰᠬᠤᠨ ᠢ ᠪᠦᠬᠦ | ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠳᠤ ᠪᠠᠲᠤ ᠴᠢᠩᠭ᠎ᠠ ᠵᠣᠬᠢᠶᠠᠨ ᠪᠠᠶᠢᠭᠤᠯᠤᠯᠲᠠ ᠶᠢᠨ | ᠪᠠᠲᠤᠯᠠᠭ᠎ᠠ ᠬᠠᠩᠭᠠᠬᠤ ᠬᠡᠷᠡᠭᠲᠡᠢ ᠬᠡᠵᠦ ᠴᠢᠬᠤᠯᠠᠴᠢᠯᠠᠭᠰᠠᠨ ᠪᠠᠶᠢᠨ᠎ᠠ᠃ |