ᠣᠶᠢᠷ᠎ᠠ ᠳᠤ᠂ ᠲᠠᠢ ᠽᠢ ᠴᠧᠩ ᠠᠴᠠ ᠰᠢᠯᠢ ᠶᠢᠨ ᠬᠤᠲᠠ ᠬᠦᠷᠬᠦ ᠲᠡᠮᠦᠷ ᠵᠠᠮ ᠤᠨ ᠲᠥᠷᠥᠯ ᠵᠦᠢᠯ ᠤᠨ | ᠲᠠᠶᠢᠹᠤᠰᠧ ᠬᠤᠰᠢᠭᠤᠨ ᠤ ᠬᠡᠰᠡᠭ ᠲᠠᠬᠢ ᠪᠠᠷᠢᠯᠭ᠎ᠠ ᠶᠢᠨ ᠭᠠᠵᠠᠷ ᠢᠶᠠᠷ ᠬᠦᠷᠬᠦ ᠳᠤ᠂ ᠠᠵᠢᠯᠴᠢᠳ ᠦᠪᠡᠷ ᠦᠪᠡᠷ | ᠤᠨ ᠠᠵᠢᠯ ᠳᠠᠭᠠᠨ ᠶᠠᠭᠠᠷᠠᠵᠠᠭᠠᠵᠤ᠂ ᠮᠠᠰᠢᠨ ᠲᠥᠬᠦᠭᠡᠷᠦᠮᠵᠢ ᠨᠠᠰᠢ ᠴᠠᠰᠢ ᠰᠦᠯᠵᠢᠯᠳᠦᠭᠡᠳ᠂ ᠬᠦᠷ ᠬᠦᠭᠵᠢᠶᠡᠨ | ᠲᠠᠢ ᠪᠠᠶᠢᠳᠠᠯ ᠬᠠᠷᠠᠭᠳᠠᠨ᠎ᠠ᠃ ᠲᠠᠢ ᠽᠢ ᠴᠧᠩ ᠠᠴᠠ ᠰᠢᠯᠢ ᠶᠢᠨ ᠬᠤᠳᠠ ᠬᠦᠷᠬᠦ ᠲᠡᠮᠦᠷ ᠵᠠᠮ ᠪᠣᠯ ᠤᠯᠤᠰ ᠤᠨ | ᠳᠤᠮᠳᠠ ᠤᠷᠲᠤ ᠬᠤᠭᠤᠴᠠᠭᠠᠨ ᠤ ᠲᠡᠮᠦᠷ ᠵᠠᠮ ᠤᠨ ᠲᠣᠣᠷ ᠤᠨ ᠲᠥᠯᠥᠪᠵᠢᠭᠦᠯᠭᠡ ᠶᠢᠨ ᠴᠢᠬᠤᠯᠠ ᠪᠦᠷᠢᠯᠳᠦᠬᠦᠨ | ᠬᠡᠰᠡᠭ ᠪᠠᠶᠢᠵᠤ᠂ ᠡᠮᠦᠨ᠎ᠡ ᠦᠵᠦᠬᠦᠷ ᠨᠢ ᠴᠦᠩ ᠯᠢ ᠶᠢᠨ ᠲᠠᠢ ᠽᠢ ᠴᠧᠩ ᠥᠷᠲᠡᠭᠡ ᠠᠴᠠ ᠡᠬᠢᠯᠡᠨ ᠤᠮᠠᠷᠠᠰᠢ | ᠴᠥᠩ ᠯᠢ᠂ ᠵᠠᠩ ᠪᠧᠢ᠂ ᠭᠦ᠋ ᠶᠤᠸᠠᠨ᠂ ᠲᠠᠶᠢᠹᠦᠰᠧ ᠬᠤᠰᠢᠭᠤ᠂ ᠰᠠᠢ ᠪᠸᠢ ᠬᠠᠮᠢᠶᠠᠷᠤᠯᠲᠠ ᠶᠢᠨ ᠲᠣᠭᠤᠷᠢᠭ ᠢᠶᠠᠷ | ᠲᠠᠮᠵᠢᠭᠠᠳ ᠾᠧᠢ ᠴᠧᠩ ᠽᠢ ᠥᠷᠲᠡᠭᠡ ᠲᠠᠢ ᠵᠠᠯᠭᠠᠯᠳᠤᠵᠤ᠂ ᠴᠠᠰᠢ ᠪᠠᠨ ᠰᠢᠯᠢ ᠶᠢᠨ ᠬᠤᠲᠠ ᠥᠷᠲᠡᠭᠡ ᠳᠤ | ᠬᠦᠷᠬᠦ ᠪᠦᠬᠦ ᠣᠷᠳᠣ ᠨᠢ 392.2 ᠺᠢᠯᠤᠮᠧᠲᠷ ᠤᠨ ᠲᠡᠮᠦᠷ ᠵᠠᠮ ᠪᠤᠯᠤᠨ᠎ᠠ᠂ ᠡᠭᠦᠨ ᠳᠤ ᠰᠢᠨ᠎ᠡ ᠪᠠᠷ ᠪᠠᠶᠢᠭᠤᠯᠬᠤ | ᠭᠡᠰᠡᠭ ᠤᠨ ᠶᠡᠷᠦᠩᠬᠡᠢ ᠣᠷᠳᠣ ᠨᠢ 151.4 ᠺᠢᠯᠤᠮᠧᠲᠷ ᠪᠠᠶᠢᠵᠤ᠂ 9.916 ᠺᠢᠯᠤᠮᠧᠲᠷ ᠨᠢ ᠲᠠᠶᠢᠹᠤᠰᠧ | ᠬᠤᠰᠢᠭᠤᠨ ᠳᠤ ᠪᠠᠭᠳᠠᠵᠡᠢ᠃ ᠤᠳᠤ ᠲᠠᠶᠢᠹᠤᠰᠧ ᠬᠤᠰᠢᠭᠤᠨ ᠳᠠᠬᠢ ᠦᠷᠳᠡᠬᠡᠨ ᠤ ᠪᠠᠶᠢᠭᠤᠯᠤᠯᠳᠠ ᠶᠠᠭ | ᠤᠷᠤᠭᠰᠢᠳᠠᠢ ᠶᠠᠪᠤᠭᠳᠠᠵᠤ᠂ ᠵᠢᠱᠢᠯᠲᠡ ᠪᠠᠷ 2025 ᠣᠨ ᠤ ᠡᠴᠦᠰ ᠢᠶᠠᠷ ᠪᠠᠷᠢᠯᠭ᠎ᠠ ᠶᠢᠨ ᠠᠵᠢᠯ ᠲᠠᠭᠤᠰᠬᠤ | ᠪᠤᠯᠤᠨ᠎ᠠ᠃ ᠲᠠᠢ ᠽᠢ ᠴᠧᠩ ᠠᠴᠠ ᠰᠢᠯᠢ ᠶᠢᠨ ᠬᠤᠲᠠ ᠬᠦᠷᠬᠦ ᠲᠡᠮᠦᠷ ᠵᠠᠮ ᠨᠢ ᠲᠠᠶᠢᠹᠦᠰᠧ ᠬᠤᠰᠢᠭᠤᠨ ᠤ | ᠴᠢᠶᠠᠨ ᠶᠢᠨ ᠭᠧᠦ ᠪᠠᠯᠭᠠᠰᠤᠨ ᠤ ᠲᠦᠷᠪᠡᠨ ᠲᠣᠰᠬᠤᠨ ᠢᠶᠠᠷ ᠦᠩᠬᠡᠷᠡᠵᠦ᠂ ᠰᠢ ᠱᠠᠨ ᠫᠦᠸᠧ ᠲᠣᠰᠬᠤᠨ ᠳᠤ | ᠲᠡᠷᠭᠡᠨ ᠥᠷᠲᠡᠭᠡ ᠪᠠᠶᠢᠭᠤᠯᠬᠤ ᠪᠠᠷ ᠲᠤᠭᠳᠠᠵᠠᠢ᠃ ᠲᠥᠷᠥᠯ ᠵᠦᠢᠯ ᠠᠰᠢᠭᠯᠠᠯᠲᠠ ᠳᠤ ᠤᠷᠤᠭᠰᠠᠨ ᠤ ᠳᠠᠷᠠᠭ᠎ᠠ᠂ | ᠥᠷᠭᠡᠨ ᠠᠭᠤᠳᠠᠮ ᠲᠠᠯ᠎ᠠ ᠨᠤᠲᠤᠭ ᠢᠶᠠᠷ ᠦᠨᠳᠦᠷ ᠬᠤᠷᠳᠤᠴᠠᠳᠤ ᠭᠠᠯᠳᠤ ᠲᠡᠷᠭᠡ ᠲᠠᠪᠬᠢᠭᠤᠯᠤᠨ᠂ ᠲᠠᠶᠢᠹᠤᠰᠧ | ᠬᠤᠰᠢᠭᠤᠨ ᠤ ᠲᠡᠮᠦᠷ ᠵᠠᠮ ᠦᠭᠡᠢ ᠪᠠᠶᠢᠭᠰᠠᠨ ᠲᠡᠦᠬᠡ ᠶᠢ ᠡᠴᠦᠰᠯᠡᠬᠦᠯᠵᠦ᠂ ᠲᠠᠶᠢᠹᠤᠰᠧ ᠬᠤᠰᠢᠭᠤᠨ ᠤ | ᠶᠡᠷᠦᠩᠬᠡᠶᠢᠯᠡᠭᠰᠡᠨ ᠵᠠᠮ ᠬᠠᠷᠢᠯᠴᠠᠭᠠᠨ ᠤ ᠲᠣᠣᠷ ᠰᠦᠯᠵᠢᠶ᠎ᠡ ᠶᠢ ᠤᠯᠠᠮ ᠲᠡᠬᠦᠯᠳᠡᠷᠵᠢᠬᠦᠯᠬᠦ᠂ ᠪᠡᠭᠡᠵᠢᠩ ᠲᠢᠶᠠᠨᠵᠢᠨ | ᠾᠧᠪᠸᠢ ᠶᠢᠨ ᠬᠠᠮᠳᠤᠷᠠᠯᠴᠠᠨ ᠬᠦᠭᠵᠢᠬᠦ ᠶᠢ ᠠᠬᠢᠭᠤᠯᠬᠤ ᠵᠡᠷᠭᠡ ᠤᠯᠤᠰ ᠤᠨ ᠪᠠᠶᠢᠯᠳᠤᠬᠤ ᠪᠣᠳᠣᠯᠭ᠎ᠠ ᠳᠤ ᠨᠡᠩ | ᠰᠠᠶᠢᠨ ᠦᠢᠯᠡᠴᠢᠯᠡᠬᠦ ᠪᠠ ᠠᠭᠤᠰᠤᠯᠴᠠᠬᠤ ᠶᠢ ᠪᠡᠶᠡᠯᠡᠬᠦᠯᠦᠨ᠂ ᠤᠷᠤᠨ ᠨᠤᠳᠤᠭ ᠤᠨ ᠠᠵᠤ ᠠᠬᠤᠢ ᠶᠢᠨ ᠲᠦᠷᠭᠡᠨ | ᠬᠦᠭᠵᠢᠯᠳᠡ ᠶᠢ ᠠᠬᠢᠭᠤᠯᠬᠤ ᠳᠤ ᠳᠤ ᠴᠢᠬᠤᠯᠠ ᠠᠴᠢ ᠬᠤᠯᠪᠤᠭᠳᠠᠯ ᠲᠠᠢ ᠶᠤᠮ᠃ |