4 ᠰᠠᠷ᠎ᠠ ᠶᠢᠨ 24 ᠤ ᠡᠳᠦᠷ ᠥᠪᠡᠷᠲᠡᠭᠡᠨ ᠵᠠᠰᠠᠬᠤ ᠣᠷᠣᠨ ᠤ ᠬᠥᠳᠡᠯᠮᠦᠷᠢ ᠶᠢᠨ ᠵᠢᠱᠢᠶᠡᠴᠢ ᠪᠠ ᠲᠡᠷᠢᠭᠦᠨ ᠤ | ᠠᠵᠢᠯᠲᠠᠨ ᠢ ᠬᠥᠬᠢᠭᠦᠯᠦᠨ ᠰᠠᠶᠢᠰᠢᠶᠠᠬᠤ ᠶᠡᠭᠡ ᠬᠤᠷᠠᠯ ᠬᠥᠬᠡᠬᠤᠲᠠ ᠳᠤ ᠶᠠᠪᠤᠭᠳᠠᠵᠤ᠂ 518 ᠬᠦᠮᠦᠨ ︽ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠳᠡᠯᠮᠦᠷᠢ ᠶᠢᠨ ᠵᠢᠱᠢᠶᠡᠴᠢ︾ ᠪᠠᠷ ᠦᠨᠡᠯᠡᠭᠳᠡᠨ᠂ 279 | ᠬᠦᠮᠦᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠡᠷᠢᠭᠦᠨ ᠤ ᠠᠵᠢᠯᠲᠠᠨ︾ ᠢᠶᠠᠷ ᠦᠨᠡᠯᠡᠭᠳᠡᠵᠡᠢ᠃ | ᠡᠬᠦᠨ ᠤ ᠲᠤᠳᠤᠷ᠎ᠠ᠂ ᠲᠠᠶᠢᠹᠤᠰᠧ ᠬᠤᠰᠢᠭᠤᠨ ᠤ ᠯᠢ ᠶᠢᠦ ᠮᠢᠩ᠂ ᠯᠢᠦ ᡁᠢ ᠬᠤᠸᠠ᠂ ᠬᠤ᠋ ᠵᠢᠶᠦ᠋ᠨ 3 | ᠬᠦᠮᠦᠨ ᠰᠢᠯᠭᠠᠷᠠᠵᠤ᠂ ᠤᠳᠤᠨ ᠮᠧᠲᠠᠯ ᠢᠶᠠᠷ ᠡᠩᠬᠡᠷ ᠢᠶᠠᠨ ᠮᠢᠯᠢᠶᠠᠯᠭᠠᠭᠰᠠᠨ ᠪᠠᠶᠢᠨ᠎ᠠ᠃ | ᠯᠢ ᠢᠦ ᠮᠢᠩ ᠲᠠᠶᠢᠹᠤᠰᠧ ᠬᠤᠰᠢᠭᠤᠨ ᠤ ᠲᠠᠯ᠎ᠠ ᠨᠤᠲᠤᠭ ᠠᠷᠢᠬᠢ ᠨᠡᠷᠡᠬᠦ ᠬᠢᠵᠠᠭᠠᠷᠲᠤ ᠬᠠᠷᠢᠭᠤᠴᠠᠯᠭᠠᠲᠤ | ᠺᠣᠮᠫᠠᠨᠢ ᠶᠢᠨ ᠮᠡᠷᠭᠡᠵᠢᠯ ᠤᠨ ᠲᠥᠪ ᠤᠨ ᠡᠷᠬᠢᠯᠡᠭᠴᠢ︶ | ᠯᠢᠦ ᡁᠢ ᠬᠤᠸᠠ ᠲᠠᠶᠢᠹᠤᠰᠧ ᠬᠤᠰᠢᠭᠤᠨ ᠤ ᠶᠦᠩ ᠹᠧᠩ ᠪᠠᠯᠭᠠᠰᠤᠨ ᠤ ᠱᠠᠩ ᠫᠢ ᠹᠠᠩ ᠲᠣᠰᠬᠤᠨ ᠤ | ᠨᠠᠮ ᠤᠨ ᠡᠭᠦᠷ ᠤᠨ ᠱᠦᠵᠢ᠂ ᠠᠷᠠᠳ ᠤᠨ ᠵᠦᠪᠯᠡᠯ ᠤᠨ ᠡᠷᠬᠢᠯᠡᠭᠴᠢ︶ | ᠬᠤ᠋ ᠵᠢᠶᠦ᠋ᠨ ᠲᠠᠶᠢᠹᠤᠰᠧ ᠬᠤᠰᠢᠭᠤᠨ ᠤ ᠵᠢᠩ ᠮᠧᠩ ᠸᠧᠢ ᠶᠧ ᠲᠡᠵᠢᠭᠡᠨ ᠦᠷᠡᠵᠢᠭᠦᠯᠬᠦ ᠲᠤᠰᠬᠠᠢ | ᠬᠤᠷᠰᠢᠶᠠᠨ ᠤ ᠬᠡᠷᠡᠭ ᠡᠷᠬᠢᠯᠡᠭᠴᠢᠳ ᠤᠨ ᠳᠠᠷᠤᠭ᠎ᠠ︶ |