4 ᠰᠠᠷ᠎ᠠ ᠶᠢᠨ 27 ᠤ ᠡᠳᠦᠷ᠂ 2025 ᠣᠨ ᠤ ︽ᠬᠦᠳᠡᠭᠡ ᠲᠤᠰᠬᠤᠨ ᠤ ᠬᠤᠳᠠᠯᠳᠤᠭᠠᠨ ᠤ ᠪᠠᠩᠬᠢ︾ | ᠬᠤᠨᠳᠠᠭᠠᠲᠤ ᠥᠪᠥᠷ ᠮᠣᠩᠭᠤᠯ ᠾᠧᠪᠸᠢ ᠤᠷᠤᠨ ᠤ ᠬᠢᠳᠠᠳ ᠰᠢᠲᠠᠷ᠎ᠠ ᠶᠢᠨ ᠬᠤᠯᠪᠣᠭᠠᠲᠤ ᠤᠷᠤᠯᠳᠤᠭᠠᠨ ᠤ | ᠲᠠᠶᠢᠹᠤᠰᠧ ᠬᠤᠰᠢᠭᠤᠨ ᠤ ᠬᠤᠪᠢᠶᠠᠷᠢ ᠥᠷᠲᠡᠭᠡᠨ ᠤ ᠤᠷᠤᠯᠳᠤᠭᠠᠨ ᠳᠥᠷᠪᠡᠳᠦᠭᠡᠷ ᠪᠠᠭ᠎ᠠ ᠰᠤᠷᠭᠠᠭᠤᠯᠢ ᠳᠤ | ᠡᠬᠢᠯᠡᠵᠦ᠂ ᠾᠧᠪᠸᠢ ᠮᠤᠵᠢ ᠶᠢᠨ ᠴᠢᠭᠤᠯᠤᠯᠳᠤ ᠬᠠᠭᠠᠯᠭ᠎ᠠ ᠬᠤᠳᠠ᠂ ᠵᠠᠩᠪᠸᠢ ᠰᠢᠶᠠᠨ᠂ ᠭᠦᠶᠤᠧᠠᠨ ᠰᠢᠶᠠᠨ ᠪᠠ | ᠦᠪᠦᠷ ᠮᠤᠩᠭᠤᠯ ᠤᠨ ᠲᠠᠶᠢᠹᠤᠰᠧ ᠬᠤᠰᠢᠭᠤᠨ ᠤ ᠵᠢᠷᠭᠤᠭᠠᠨ ᠠᠩᠬᠢ ᠨᠢᠬᠡᠴᠡ ᠶᠢᠨ 40 ᠰᠢᠳᠠᠷᠠᠴᠢᠳ ᠨᠢᠬᠡ | ᠲᠢᠩᠬᠢᠮ ᠳᠤ ᠴᠤᠭᠯᠠᠷᠠᠵᠤ ᠤᠷ᠎ᠠ ᠮᠡᠷᠭᠡᠵᠢᠯ ᠢᠶᠠᠨ ᠰᠤᠯᠢᠯᠴᠠᠯ᠎ᠠ᠃ ᠡᠨᠡ ᠤᠳᠠᠭᠠᠨ ᠤ ᠤᠷᠤᠯᠳᠤᠭᠠᠨ ᠢ | ᠲᠠᠶᠢᠹᠤᠰᠧ ᠬᠤᠰᠢᠭᠤᠨ ᠤ ᠰᠣᠶᠣᠯ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ ᠠᠴᠠ ᠭᠤᠤᠯᠯᠠᠨ | ᠡᠷᠬᠢᠯᠡᠵᠦ᠂ ᠲᠠᠶᠢᠹᠤᠰᠧ ᠬᠤᠰᠢᠭᠤᠨ ᠤ ᠬᠢᠳᠠᠳ ᠰᠢᠲᠠᠷ᠎ᠠ ᠶᠢᠨ ᠨᠡᠶᠢᠭᠡᠮᠯᠢᠭ ᠠᠴᠠ ᠳᠠᠭᠠᠭᠠᠴᠢᠯᠠᠨ ᠡᠷᠬᠢᠯᠡᠵᠡᠢ᠃ | ᠣᠶᠢᠯᠠᠭᠠᠭᠰᠠᠨ ᠢᠶᠠᠷ᠂ 2025 ᠣᠨ ᠤ ︽ᠬᠦᠳᠡᠭᠡ ᠲᠤᠰᠬᠤᠨ ᠤ ᠬᠤᠳᠠᠯᠳᠤᠭᠠᠨ ᠤ ᠪᠠᠩᠬᠢ︾ ᠬᠤᠨᠳᠠᠭᠠᠲᠤ | ᠥᠪᠥᠷ ᠮᠣᠩᠭᠤᠯ ᠾᠧᠪᠸᠢ ᠶᠢᠨ ᠬᠢᠳᠠᠳ ᠰᠢᠲᠠᠷ᠎ᠠ ᠶᠢᠨ ᠬᠤᠯᠪᠣᠭᠠᠲᠤ ᠤᠷᠤᠯᠳᠤᠭᠠᠨ ᠳᠤ ᠨᠡᠶᠢᠲᠡ ᠲᠠᠪᠤᠨ ᠥᠷᠲᠡᠭᠡ | ᠲᠤᠬᠢᠷᠠᠭᠤᠯᠵᠤ᠂ ᠾᠧᠪᠧᠢ ᠮᠤᠵᠢ ᠶᠢᠨ ᠭᠦᠶᠤᠧᠠᠨ ᠰᠢᠶᠠᠨ ᠢᠶᠠᠷ ᠠᠩᠬᠠᠨ ᠤ ᠥᠷᠲᠡᠭᠡ ᠪᠤᠯᠭᠠᠨ᠂ ᠦᠪᠦᠷ | ᠮᠤᠩᠭᠤᠯ ᠤᠨ ᠲᠠᠶᠢᠹᠤᠰᠧ ᠬᠤᠰᠢᠭᠤ ᠪᠠᠷ ᠬᠤᠶᠠᠳᠤᠭᠠᠷ ᠥᠷᠲᠡᠭᠡ ᠪᠠᠨ ᠪᠤᠯᠭᠠᠭᠰᠠᠨ ᠪᠠᠶᠢᠨ᠎ᠠ᠃ ᠬᠤᠯᠪᠣᠭᠠᠲᠤ | ᠤᠷᠤᠯᠳᠤᠭᠠᠨ ᠨᠢ ᠬᠢᠳᠠᠳ ᠰᠢᠲᠠᠷ᠎ᠠ ᠪᠠᠷ ᠬᠥᠭᠦᠷᠭᠡ ᠪᠤᠯᠭᠠᠨ᠂ ᠬᠤᠶᠠᠷ ᠤᠷᠤᠨ ᠤ ᠰᠢᠳᠠᠷᠴᠢᠳ ᠲᠤ ᠲᠤᠷᠰᠢᠯᠭ᠎ᠠ | ᠪᠠᠨ ᠰᠤᠯᠢᠯᠴᠠᠵᠤ ᠮᠡᠷᠭᠡᠵᠢᠯ ᠢᠶᠠᠨ ᠬᠠᠷᠠᠭᠤᠯᠬᠤ ᠲᠠᠪᠴᠠᠩ ᠢ ᠪᠠᠶᠢᠭᠤᠯᠤᠨ ᠥᠭᠴᠦ᠂ ᠬᠤᠶᠠᠷ ᠤᠷᠤᠨ ᠤ | ᠰᠣᠶᠣᠯ ᠤᠨ ᠭᠦᠨᠵᠡᠭᠡᠶ ᠠᠭᠤᠰᠤᠯᠴᠠᠯ ᠢ ᠠᠬᠢᠭᠤᠯᠤᠨ᠂ ᠭᠠᠵᠠᠷ ᠣᠷᠣᠨ ᠤ ᠰᠣᠶᠣᠯ ᠲᠠᠮᠢᠷ ᠤᠨ ᠦᠢᠯᠡᠰ ᠤᠨ | ᠬᠠᠮᠳᠤ ᠶᠢᠨ ᠬᠦᠭᠵᠢᠯᠳᠡ ᠶᠢ ᠠᠬᠢᠭᠤᠯᠬᠤ ᠪᠤᠯᠤᠨ᠎ᠠ᠃ |