ᠬᠤᠩ ᠴᠢ ᠪᠠᠯᠭᠠᠰᠤᠨ ᠤ ᠪᠠᠶᠢᠭᠤᠯᠭ᠎ᠠ ᠶᠢᠨ ᠨᠠᠮ ᠤᠨ ᠡᠭᠦᠷ ᠨᠠᠮ ᠤᠨ ᠭᠡᠰᠢᠭᠦᠳ ᠤᠨ ᠶᠡᠭᠡ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/4/28
     ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠠᠵᠢᠯ ᠢ ᠦᠷᠭᠦᠯᠵᠢᠯᠡᠨ ᠰᠠᠶᠢᠲᠤᠷ ᠬᠢᠬᠦ ᠶᠢᠨ ᠲᠥᠯᠥᠭᠡ᠂ ᠣᠶᠢᠷ᠎ᠠ ᠳᠤ ᠬᠤᠩ ᠴᠢ ᠪᠠᠯᠭᠠᠰᠤᠨ ᠤ ᠪᠠᠶᠢᠭᠤᠯᠭ᠎ᠠ ᠶᠢᠨ ᠨᠠᠮ ᠤᠨ ᠡᠭᠦᠷ ᠨᠢ ᠨᠠᠮ ᠤᠨ ᠭᠡᠰᠢᠭᠦᠳ ᠤᠨ ᠶᠡᠭᠡ ᠬᠤᠷᠠᠯ ᠬᠤᠷᠠᠯᠳᠤᠭᠤᠯᠵᠤ᠂ ︽ᠬᠤᠶᠠᠷ ᠶᠡᠭᠡ ᠶᠠᠪᠤᠳᠠᠯ︾ ︽ᠵᠢᠷᠭᠤᠭᠠᠨ ᠢᠨᠵᠧᠨᠧᠷᠢᠩ︾ ︽ᠵᠢᠷᠭᠤᠭᠠᠨ ᠠᠵᠢᠯᠯᠠᠭ᠎ᠠ︾ ᠶᠢ ᠰᠤᠷᠤᠯᠴᠠᠨ ᠲᠤᠤᠱᠯᠠᠭᠤᠯᠬᠤ ᠵᠢᠴᠢ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ᠂ ︽ᠬᠥᠳᠡᠭᠡ ᠲᠣᠰᠬᠤᠨ ᠤ ᠦᠨᠳᠦᠰᠦᠨ ᠱᠠᠲᠤᠨ ᠤ ᠺᠠᠳ᠋ᠷ ᠤᠨ ᠡᠭᠦᠷᠭᠡ ᠬᠠᠷᠢᠭᠤᠴᠠᠯᠭ᠎ᠠ ᠪᠠᠨ ᠠᠷᠢᠭᠤᠨ ᠴᠢᠬᠡᠴᠢ ᠪᠠᠷ ᠭᠦᠢᠴᠡᠳᠬᠡᠬᠦ ᠲᠣᠭᠲᠠᠭᠠᠯ   ᠤᠨ ᠲᠤᠬᠠᠶ ᠲᠤᠰᠬᠠᠶ ᠰᠡᠳᠦᠪᠲᠦ ᠰᠤᠷᠤᠯᠴᠠᠯᠭ᠎ᠠ ᠡᠷᠬᠢᠯᠡᠵᠡᠢ᠃   ᠪᠠᠶᠢᠭᠤᠯᠭ᠎ᠠ ᠶᠢᠨ ᠨᠠᠮ ᠤᠨ ᠡᠭᠦᠷ ᠤᠨ ᠱᠦᠵᠢ ᠰᠢᠤᠢ ᠶᠦᠨ ᠳ᠋ᠡ   ᠠᠴᠠ ᠥᠪᠥᠷ ᠮᠣᠩᠭᠤᠯ ᠤᠨ ︽ᠬᠤᠶᠠᠷ ᠶᠡᠭᠡ ᠶᠠᠪᠤᠳᠠᠯ︾ ︽ᠵᠢᠷᠭᠤᠭᠠᠨ ᠢᠨᠵᠧᠨᠧᠷᠢᠩ︾ ︽ᠵᠢᠷᠭᠤᠭᠠᠨ ᠠᠵᠢᠯᠯᠠᠭ᠎ᠠ︾ ᠶᠢᠨ ᠪᠣᠳᠠᠲᠠᠶ ᠠᠭᠤᠯᠭ᠎ᠠ ᠪᠠ ᠲᠥᠷᠥ ᠶᠢᠨ ᠪᠣᠳᠣᠯᠭ᠎ᠠ ᠶᠢᠨ ᠱᠠᠭᠠᠷᠳᠠᠯᠭ᠎ᠠ ᠶᠢ ᠳᠠᠭᠠᠭᠤᠯᠤᠨ ᠰᠤᠷᠤᠯᠴᠠᠵᠤ᠂ ᠵᠣᠬᠢᠶᠠᠨ ᠪᠠᠶᠢᠭᠤᠯᠬᠤ ᠭᠡᠰᠢᠭᠦᠨ ᠯᠢ ᠱᠢ ᠾᠧ  ᠠᠴᠠ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠲᠤᠬᠠᠶᠢᠯᠠᠭᠰᠠᠨ ᠠᠵᠢᠯ ᠤᠨ ᠲᠣᠭᠤᠷᠢᠨ ᠳᠤ ᠲᠤᠰᠬᠠᠶ ᠰᠡᠳᠦᠪᠲᠦ ᠲᠠᠶᠢᠯᠤᠮᠵᠢ ᠬᠢᠵᠦ᠂ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠱᠦᠵᠢ ᠵᠣᠣ ᠬᠤᠸᠠᠨ ᠢᠦᠶ ᠠᠴᠠ ︽ᠬᠥᠳᠡᠭᠡ ᠲᠣᠰᠬᠤᠨ ᠤ ᠦᠨᠳᠦᠰᠦᠨ ᠱᠠᠲᠤᠨ ᠤ ᠺᠠᠳ᠋ᠷ ᠤᠨ ᠡᠭᠦᠷᠭᠡ ᠬᠠᠷᠢᠭᠤᠴᠠᠯᠭ᠎ᠠ ᠪᠠᠨ ᠠᠷᠢᠭᠤᠨ ᠴᠢᠬᠡᠴᠢ ᠪᠠᠷ ᠭᠦᠢᠴᠡᠳᠭᠡᠬᠦ ᠲᠣᠭᠲᠠᠭᠠᠯ︾ ᠤᠨ ᠲᠣᠭᠤᠷᠢᠨ ᠳᠤ ᠲᠤᠰᠬᠠᠶ ᠰᠡᠳᠦᠪᠲᠦ ᠵᠢᠯᠣᠭᠤᠳᠣᠯᠭ᠎ᠠ ᠬᠢᠪᠠ᠃ ᠬᠤᠷᠠᠯ ᠠᠴᠠ ᠱᠠᠭᠠᠷᠳᠠᠬᠤ ᠳᠠᠭᠠᠨ᠂  ᠪᠦᠬᠦ ᠨᠠᠮ ᠤᠨ ᠭᠡᠰᠢᠬᠦᠳ ᠡᠷᠭᠡᠪᠰᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠤᠯᠭᠠᠨ᠂ ᠦᠵᠡᠯ ᠰᠠᠨᠠᠭ᠎ᠠ ᠤᠯᠤᠰ ᠲᠦᠷᠦ ᠶᠢᠨ ᠪᠠᠶᠢᠭᠤᠯᠤᠯᠲᠠ ᠶᠢ ᠦᠨᠡᠨ ᠬᠦ ᠴᠢᠩᠭᠠᠳᠬᠠᠵᠤ᠂  ︽ᠬᠤᠶᠠᠷ ᠶᠡᠭᠡ ᠶᠠᠪᠤᠳᠠᠯ︾ ︽ᠵᠢᠷᠭᠤᠭᠠᠨ ᠢᠨᠵᠧᠨᠧᠷᠢᠩ︾ ︽ᠵᠢᠷᠭᠤᠭᠠᠨ ᠠᠵᠢᠯᠯᠠᠭ᠎ᠠ︾ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠳᠡᠭᠡᠳᠦ ᠱᠠᠲᠤᠨ ᠤ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠲᠡᠷᠡ ᠬᠡᠪ ᠢᠶᠠᠷ ᠨᠢ ᠪᠣᠳᠠᠲᠠᠢ ᠳᠤ ᠨᠠᠶᠢᠳᠠᠪᠤᠷᠢᠵᠢᠭᠤᠯᠤᠨ᠂  ᠠᠷᠠᠳ ᠤᠯᠠᠨ ᠤ ᠰᠡᠳᠬᠢᠯ ᠢ ᠨᠢᠭᠲᠠᠷᠠᠭᠤᠯᠵᠤ᠂ ᠯᠠᠪᠳᠠᠭᠤᠨ ᠪᠠᠲᠤᠲᠠᠢ ᠠᠵᠢᠯᠯᠠᠨ᠂ ᠠᠵᠢᠯ ᠤᠨ ᠪᠠᠶᠢᠷᠢ ᠶᠢᠨ ᠡᠭᠦᠷᠭᠡ ᠬᠠᠷᠢᠭᠤᠴᠠᠯᠭ᠎ᠠ ᠪᠣᠯᠤᠨ ᠲᠣᠰᠬᠤᠨ ᠱᠠᠲᠤᠨ ᠤ ᠴᠢᠬᠤᠯᠠ ᠡᠭᠦᠷᠭᠡ ᠳᠤ ᠠᠩᠬᠠᠷᠤᠯ ᠢᠶᠠᠨ ᠲᠥᠪᠯᠡᠷᠡᠭᠦᠯᠵᠦ᠂ ᠨᠠᠮ ᠤᠨ ᠪᠠᠶᠢᠭᠤᠯᠤᠯᠲᠠ ᠪᠠᠷ ᠬᠦᠳᠦᠯᠦᠨ ᠳᠠᠭᠠᠭᠤᠯᠬᠤ ᠶᠢ ᠢᠮᠠᠭᠲᠠ ᠪᠠᠷᠢᠮᠳᠠᠯᠠᠨ᠂  ᠰᠢᠷᠭᠠᠭᠤ ᠬᠠᠲᠠᠭᠤᠵᠢᠯᠲᠠᠢ ᠠᠵᠢᠯᠯᠠᠵᠤ᠂  ᠨᠠᠮ ᠤᠨ ᠭᠡᠰᠢᠬᠦᠳ ᠤᠨ ᠡᠩᠨᠡᠭᠡᠨ ᠤ ᠲᠦᠷᠢ ᠲᠥᠷᠬᠦ ᠶᠢ ᠬᠠᠮᠠᠭᠠᠯᠠᠨ᠂ ᠲᠣᠰᠬᠤᠨ ᠤ ᠬᠥᠭᠵᠢᠯᠲᠡ᠂ ᠠᠷᠠᠳ ᠤᠨ ᠴᠢᠨᠡᠭᠡᠯᠢᠭᠵᠢᠯ ᠤᠨ ᠲᠥᠯᠥᠭᠡ ᠪᠦᠬᠦ ᠰᠡᠳᠬᠢᠯ ᠪᠦᠬᠦ ᠵᠣᠷᠢᠭ ᠢᠶᠠᠷ ᠬᠠᠷᠢᠭᠤᠴᠠᠯᠭ᠎ᠠ ᠪᠠᠨ ᠭᠦᠢᠴᠡᠳᠬᠡᠬᠦ ᠬᠡᠷᠡᠭᠲᠡᠢ  ᠃ ᠬᠥᠳᠡᠭᠡ ᠲᠣᠰᠬᠤᠨ ᠤ ᠦᠨᠳᠦᠰᠦᠨ ᠱᠠᠲᠤᠨ ᠤ ᠺᠠᠳ᠋ᠷᠴᠤᠳ ᠤᠨ ᠠᠷᠢᠭᠤᠨ ᠴᠢᠬᠡᠴᠢ ᠪᠠᠷ ᠡᠬᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠶᠢᠨ ᠴᠢᠬᠤᠯᠠ ᠠᠴᠢ ᠬᠤᠯᠪᠣᠭᠳᠠᠯ ᠢ ᠭᠦᠨᠵᠡᠭᠡᠢ ᠲᠠᠨᠢᠵᠤ᠂  ᠪᠡᠶ᠎ᠡ ᠪᠠᠨ ᠡᠵᠡᠮᠳᠡᠬᠦ ᠶᠢ ᠴᠢᠩᠭᠠᠳᠬᠠᠨ᠂ ᠡᠯ᠎ᠡ ᠵᠦᠢᠯ ᠤᠨ ᠲᠦᠷᠢᠮ ᠲᠣᠭᠲᠠᠭᠠᠯ ᠢ ᠴᠢᠩᠭ᠎ᠠ ᠵᠢᠷᠤᠮᠯᠠᠵᠤ᠂ ᠤᠯᠠᠨ ᠲᠦᠮᠡᠨ ᠤ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠨ᠂ ᠮᠠᠭᠤ ᠰᠤᠷᠲᠠᠯ ᠢ ᠢᠮᠠᠭᠲᠠ ᠲᠠᠶᠠᠭᠳᠠᠬᠤ ᠪᠠ ᠬᠤᠷᠢᠭᠯᠠᠵᠤ᠂ ᠰᠤᠷᠲᠠᠯ ᠴᠢᠬᠡᠴᠢ ᠣᠪᠣᠷ ᠲᠥᠪ ᠣᠷᠴᠢᠨ ᠲᠣᠭᠤᠷᠢᠨ ᠢ ᠪᠤᠢ ᠪᠣᠯᠭᠠᠬᠤ ᠬᠡᠷᠡᠭᠲᠡᠢ ᠭᠡᠪᠡ᠃  
 
ᠢᠷᠡᠯᠲᠡ᠄ ᠬᠤᠩ ᠴᠢ ᠪᠠᠯᠭᠠᠰᠤᠨ ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号