ᠲᠠᠶᠢᠹᠤᠰᠧ ᠬᠤᠰᠢᠭᠤᠨ ᠤ 2024 ᠣᠨ ᠤ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢᠨ ᠲᠤᠭ᠎ᠠ ᠪᠦᠷᠢᠳᠬᠡᠯ ᠤᠨ ᠠᠯᠪᠠᠨ ᠮᠡᠳᠡᠭᠡ — ᠳᠣᠯᠤᠭ᠎ᠠ
ᠨᠡᠶᠢᠲᠡᠯᠡᠭᠰᠡᠨ ᠴᠠᠭ᠄
2025/4/28
    ᠡᠳ᠋ ᠤᠨ ᠵᠠᠰᠠᠭ᠂ ᠮᠥᠩᠭᠦᠨ ᠭᠦᠢᠯᠭᠡᠭᠡ ᠪᠠ ᠳᠠᠭᠠᠳᠬᠠᠯ —     ᠪᠦᠬᠦ ᠵᠢᠯ ᠳᠤ ᠡᠩ ᠤᠨ ᠣᠯᠠᠨ ᠨᠡᠶᠢᠲᠡ ᠶᠢᠨ ᠲᠥᠰᠦᠪ ᠤᠨ ᠣᠷᠣᠯᠭ᠎ᠠ 3.58 ᠳ᠋ᠦᠩᠰᠢᠭᠤᠷ ᠲᠥᠭᠦᠷᠢᠭ ᠲᠤ ᠬᠦᠷᠴᠦ ᠨᠢᠳᠤᠨᠤᠨ ᠤ ᠬᠢ ᠠᠴᠠ 1.5 % ᠪᠠᠷ ᠨᠡᠮᠡᠭᠳᠡᠪᠡ᠃ ᠡᠭᠦᠨ ᠳᠤ᠂ ᠭᠠᠶᠢᠯᠢ ᠲᠠᠲᠠᠪᠤᠷᠢ ᠶᠢᠨ ᠣᠷᠣᠯᠭ᠎ᠠ 2.13 ᠳ᠋ᠦᠩᠰᠢᠭᠤᠷ ᠲᠥᠭᠦᠷᠢᠭ ᠲᠤ ᠬᠦᠷᠴᠦ 61.6% ᠪᠠᠷ ᠨᠡᠮᠡᠭᠳᠡᠨ᠂ ᠡᠩ ᠤᠨ ᠣᠯᠠᠨ ᠨᠡᠶᠢᠲᠡ ᠶᠢᠨ ᠲᠥᠰᠦᠪ ᠤᠨ ᠣᠷᠣᠯᠭ᠎ᠠ ᠶᠢᠨ 59.5% ᠶᠢ ᠡᠵᠡᠯᠡᠵᠡᠢ᠃ ᠡᠩ ᠤᠨ ᠣᠯᠠᠨ ᠨᠡᠶᠢᠲᠡ ᠶᠢᠨ ᠲᠥᠰᠦᠪ ᠤᠨ ᠵᠠᠷᠤᠯᠭ᠎ᠠ 30.73 ᠳ᠋ᠦᠩᠰᠢᠭᠤᠷ ᠲᠥᠭᠦᠷᠢᠭ ᠲᠤ ᠬᠦᠷᠴᠦ ᠨᠢᠳᠤᠨᠤᠨ ᠤ ᠬᠢ ᠠᠴᠠ 4.4% ᠪᠠᠷ ᠨᠡᠮᠡᠭᠳᠡᠭᠰᠡᠨ ᠪᠠᠶᠢᠨ᠎ᠠ᠃ ᠵᠢᠯ ᠤᠨ ᠡᠴᠦᠰ ᠲᠤ ᠪᠦᠬᠦ ᠬᠤᠰᠢᠭᠤᠨ ᠤ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠠᠷᠠᠳ ᠤᠨ ᠵᠣᠭᠤᠰ ᠤᠨ ᠬᠠᠳᠠᠭᠠᠯᠠᠮᠵᠢ ᠶᠢᠨ ᠦᠯᠡᠳᠡᠪᠦᠷᠢ 102.14 ᠳ᠋ᠦᠩᠰᠢᠭᠤᠷ ᠲᠥᠭᠦᠷᠢᠭ ᠲᠤ ᠬᠦᠷᠴᠦ ᠲᠡᠭᠡᠷ᠎ᠡ ᠵᠢᠯ ᠤᠨ ᠡᠴᠦᠰ ᠤᠨ ᠬᠢ ᠠᠴᠠ 4.6 % ᠪᠠᠷ ᠨᠡᠮᠡᠭᠳᠡᠨ᠂  ᠲᠤᠰ ᠵᠢᠯ ᠤᠨ ᠡᠬᠢᠨ ᠤ ᠬᠢ ᠠᠴᠠ 4.48 ᠳ᠋ᠦᠩᠰᠢᠭᠤᠷ ᠲᠥᠭᠦᠷᠢᠭ  ᠨᠡᠮᠡᠭᠳᠡᠵᠡᠢ᠃ ᠡᠭᠦᠨ ᠳᠤ᠂ ᠰᠠᠭᠤᠭᠠᠯᠢ ᠠᠷᠠᠳ ᠤᠨ ᠬᠠᠳᠠᠭᠠᠯᠠᠮᠵᠢ ᠶᠢᠨ ᠦᠯᠡᠳᠡᠪᠦᠷᠢ 86.26 ᠳ᠋ᠦᠩᠰᠢᠭᠤᠷ ᠲᠥᠭᠦᠷᠢᠭ ᠲᠤ ᠬᠦᠷᠴᠦ 5.7% ᠪᠠᠷ ᠨᠡᠮᠡᠭᠳᠡᠨ᠂ ᠵᠢᠯ ᠤᠨ ᠡᠬᠢᠨ ᠤ ᠬᠢ ᠠᠴᠠ 4.69 ᠳ᠋ᠦᠩᠰᠢᠭᠤᠷ ᠲᠥᠭᠦᠷᠢᠭ  ᠨᠡᠮᠡᠭᠳᠡᠵᠦ᠂ ᠮᠥᠩᠭᠦᠨ ᠭᠦᠢᠯᠭᠡᠭᠡᠨ ᠤ ᠪᠤᠰᠤ ᠠᠵᠤ ᠠᠬᠤᠶᠢᠯᠠᠯ ᠤᠨ ᠬᠠᠳᠠᠭᠠᠯᠠᠮᠵᠢ ᠶᠢᠨ ᠦᠯᠡᠳᠡᠪᠦᠷᠢ 10.56 ᠳ᠋ᠦᠩᠰᠢᠭᠤᠷ ᠲᠥᠭᠦᠷᠢᠭ ᠲᠤ ᠬᠦᠷᠴᠦ 5.0% ᠪᠠᠷ ᠪᠠᠭᠤᠷᠠᠭᠠᠳ᠂ ᠵᠢᠯ ᠤᠨ ᠡᠬᠢᠨ ᠤ ᠬᠢ ᠠᠴᠠ 0.56 ᠳ᠋ᠦᠩᠰᠢᠭᠤᠷ ᠲᠥᠭᠦᠷᠢᠭ ᠪᠠᠭᠠᠰᠴᠤ᠂  ᠪᠠᠶᠢᠭᠤᠯᠭ᠎ᠠ ᠨᠢᠭᠡᠴᠡ ᠪᠦᠯᠬᠦᠮ ᠨᠡᠶᠢᠲᠡ ᠶᠢᠨ ᠬᠠᠳᠠᠭᠠᠯᠠᠮᠵᠢ ᠶᠢᠨ ᠦᠯᠡᠳᠡᠪᠦᠷᠢ 3.75 ᠳ᠋ᠦᠩᠰᠢᠭᠤᠷ ᠲᠥᠭᠦᠷᠢᠭ ᠲᠤ ᠬᠦᠷᠴᠦ 0.9% ᠪᠠᠷ ᠨᠡᠮᠡᠭᠳᠡᠨ᠂ ᠵᠢᠯ ᠤᠨ ᠡᠬᠢᠨ ᠤ ᠬᠢ ᠠᠴᠠ 0.03 ᠳ᠋ᠦᠩᠰᠢᠭᠤᠷ ᠲᠥᠭᠦᠷᠢᠭ ᠨᠡᠮᠡᠭᠳᠡᠪᠡ᠃ ᠵᠢᠯ ᠤᠨ ᠡᠴᠦᠰ ᠲᠤ ᠪᠦᠬᠦ ᠬᠤᠰᠢᠭᠤᠨ ᠤ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠠᠷᠠᠳ ᠤᠨ ᠵᠣᠭᠤᠰ ᠤᠨ ᠵᠢᠭᠡᠯᠡᠯᠭᠡ ᠶᠢᠨ ᠦᠯᠡᠳᠡᠪᠦᠷᠢ 97.26 ᠳ᠋ᠦᠩᠰᠢᠭᠤᠷ ᠲᠥᠭᠦᠷᠢᠭ ᠲᠤ ᠬᠦᠷᠴᠦ  ᠳᠡᠭᠡᠷ᠎ᠡ ᠵᠢᠯ ᠤᠨ ᠡᠴᠦᠰ ᠤᠨ ᠬᠢ ᠠᠴᠠ 11.2% ᠪᠠᠷ ᠨᠡᠮᠡᠭᠳᠡᠨ᠂ ᠲᠤᠰ ᠵᠢᠯ ᠤᠨ ᠡᠬᠢᠨ ᠤ ᠬᠢ ᠠᠴᠠ 9.78 ᠳ᠋ᠦᠩᠰᠢᠭᠤᠷ ᠲᠥᠭᠦᠷᠢᠭ ᠨᠡᠮᠡᠭᠳᠡᠵᠡᠢ᠃ ᠡᠭᠦᠨ ᠳᠤ᠂ ᠰᠠᠭᠤᠭᠠᠯᠢ ᠡᠷᠦᠬᠡ ᠶᠢᠨ ᠵᠢᠭᠡᠯᠡᠯᠭᠡ ᠶᠢᠨ ᠦᠯᠡᠳᠡᠪᠦᠷᠢ 38.61 ᠳ᠋ᠦᠩᠰᠢᠭᠤᠷ ᠲᠥᠭᠦᠷᠢᠭ ᠲᠤ ᠬᠦᠷᠴᠦ 0.4% ᠪᠠᠷ ᠪᠠᠭᠤᠷᠠᠨ᠂ ᠵᠢᠯ ᠤᠨ ᠡᠬᠢᠨ ᠤ ᠬᠢ ᠠᠴᠠ 0.15 ᠳ᠋ᠦᠩᠰᠢᠭᠤᠷ ᠲᠥᠭᠦᠷᠢᠭ ᠪᠠᠭᠠᠰᠴᠤ᠂ ᠮᠥᠩᠭᠦᠨ ᠭᠦᠢᠯᠭᠡᠭᠡᠨ ᠤ ᠪᠤᠰᠤ ᠠᠵᠤ ᠠᠬᠤᠶᠢᠯᠠᠯ ᠪᠠ ᠪᠠᠶᠢᠭᠤᠯᠭ᠎ᠠ ᠨᠢᠬᠡᠴᠡ ᠪᠦᠯᠬᠦᠮ ᠨᠡᠶᠢᠲᠡ ᠶᠢᠨ ᠵᠢᠭᠡᠯᠡᠯᠭᠡ ᠶᠢᠨ ᠦᠯᠡᠳᠡᠪᠦᠷᠢ 53.65 ᠳ᠋ᠦᠩᠰᠢᠭᠤᠷ ᠲᠥᠭᠦᠷᠢᠭ ᠲᠤ ᠬᠦᠷᠴᠦ 10.1% ᠪᠠᠷ ᠨᠡᠮᠡᠭᠳᠡᠨ᠂ ᠵᠢᠯ ᠤᠨ ᠡᠬᠢᠨ ᠤ ᠬᠢ ᠠᠴᠠ 4.93 ᠳ᠋ᠦᠩᠰᠢᠭᠤᠷ ᠲᠥᠭᠦᠷᠢᠭ ᠨᠡᠮᠡᠭᠳᠡᠪᠡ᠃ ᠵᠢᠯ ᠤᠨ ᠡᠴᠦᠰ ᠲᠤ ᠪᠦᠬᠦ ᠬᠤᠰᠢᠭᠤᠨ ᠤ ᠳᠠᠭᠠᠳᠬᠠᠯ ᠤᠨ ᠪᠠᠶᠢᠭᠤᠯᠤᠮᠵᠢ ᠨᠡᠶᠢᠲᠡ 15 ᠪᠠᠶᠢᠵᠤ᠂ ᠪᠦᠬᠦ ᠵᠢᠯ ᠤᠨ ᠳᠠᠭᠠᠳᠬᠠᠯ ᠤᠨ ᠦᠢᠯᠡᠰ ᠤᠨ ᠳᠠᠭᠠᠳᠬᠠᠯ ᠤᠨ ᠵᠠᠷᠤᠳᠠᠯ ᠤᠨ ᠣᠷᠣᠯᠭ᠎ᠠ 1.87 ᠳ᠋ᠦᠩᠰᠢᠭᠤᠷ ᠲᠥᠭᠦᠷᠢᠭ ᠲᠤ ᠬᠦᠷᠴᠦ  ᠳᠡᠭᠡᠷ᠎ᠡ ᠵᠢᠯ ᠤᠨ ᠬᠢ ᠠᠴᠠ 13.4% ᠪᠠᠷ ᠪᠠᠭᠤᠷᠠᠭᠠᠳ᠂ ᠳᠠᠭᠠᠳᠬᠠᠯ ᠤᠨ ᠦᠢᠯᠡᠰ ᠤᠨ ᠲᠦᠯᠦᠪᠦᠷᠢ ᠶᠢᠨ ᠵᠠᠷᠤᠯᠭ᠎ᠠ ᠨᠡᠶᠢᠲᠡ 1.22 ᠳ᠋ᠦᠩᠰᠢᠭᠤᠷ ᠲᠥᠭᠦᠷᠢᠭ ᠲᠤ ᠬᠦᠷᠴᠦ 19.6% ᠪᠠᠷ ᠨᠡᠮᠡᠭᠳᠡᠵᠡᠢ᠃
 
ᠢᠷᠡᠯᠲᠡ᠄ ᠲᠠᠶᠢᠹᠤᠰᠧ ᠬᠤᠰᠢᠭᠤᠨ ᠤ ᠲᠤᠭ᠎ᠠ ᠪᠦᠷᠢᠳᠬᠡᠯ ᠤᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号