ᠲᠠᠶᠢᠹᠤᠰᠧ ᠬᠤᠰᠢᠭᠤᠨ ᠤ 2024 ᠣᠨ ᠤ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢᠨ ᠲᠤᠭ᠎ᠠ ᠪᠦᠷᠢᠳᠬᠡᠯ ᠤᠨ ᠠᠯᠪᠠᠨ ᠮᠡᠳᠡᠭᠡ —  ᠨᠠᠢᠮᠠ
ᠨᠡᠶᠢᠲᠡᠯᠡᠭᠰᠡᠨ ᠴᠠᠭ᠄
2025/4/28
    ᠰᠠᠭᠤᠭᠠᠯᠢ ᠠᠷᠠᠳ ᠤᠨ ᠣᠷᠣᠯᠭ᠎ᠠ ᠵᠠᠷᠤᠯᠭ᠎ᠠ ᠪᠣᠯᠤᠨ ᠨᠡᠶᠢᠭᠡᠮ ᠤᠨ ᠪᠠᠲᠤᠯᠠᠭ᠎ᠠ —     ᠰᠠᠭᠤᠭᠠᠯᠢ ᠠᠷᠠᠳ ᠤᠨ ᠬᠥᠮᠦᠨ ᠳᠤᠮᠳᠠᠴᠢ ᠡᠵᠡᠮᠳᠡᠵᠦ ᠪᠣᠯᠬᠤ ᠣᠷᠣᠯᠭ᠎ᠠ 29675 ᠲᠥᠭᠦᠷᠢᠭ ᠲᠤ ᠬᠦᠷᠴᠦ ᠳᠡᠭᠡᠷ᠎ᠡ ᠵᠢᠯ ᠤᠨ ᠬᠢ ᠠᠴᠠ 5.2 %   ᠪᠠᠷ ᠨᠡᠮᠡᠭᠳᠡᠵᠡᠢ᠃ ᠪᠠᠶᠢᠩᠭᠤ ᠰᠠᠭᠤᠭ᠎ᠠ ᠭᠠᠵᠠᠷ ᠢᠶᠠᠷ ᠨᠢ ᠬᠤᠪᠢᠶᠠᠪᠠᠯ᠂ ᠬᠤᠲᠠ ᠪᠠᠯᠭᠠᠰᠤᠨ ᠤ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ 45607 ᠲᠥᠭᠦᠷᠢᠭ ᠲᠤ ᠬᠦᠷᠴᠦ  4.5% ᠪᠠ᠊ ᠨᠡᠮᠡᠭᠳᠡᠨ᠂  ᠮᠠᠯᠵᠢᠬᠤ ᠲᠠᠷᠢᠶᠠᠯᠠᠬᠤ ᠣᠷᠣᠨ ᠤ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ 18749 ᠲᠥᠭᠦᠷᠢᠭ ᠲᠤ ᠬᠦᠷᠴᠦ 6.5% ᠪᠠᠷ ᠨᠡᠮᠡᠭᠳᠡᠪᠡ᠃ ᠪᠦᠬᠦ ᠵᠢᠯ ᠳᠤ ᠰᠠᠭᠤᠭᠠᠯᠢ ᠠᠷᠠᠳ ᠤᠨ ᠬᠦᠮᠦᠨ ᠲᠤᠮᠳᠠᠴᠢ ᠶᠢᠨ ᠭᠡᠷᠡᠭᠯᠡᠭᠡᠨ ᠤ ᠵᠠᠷᠤᠯᠭ᠎ᠠ 20855 ᠲᠦᠬᠦᠷᠢᠭ ᠲᠤ ᠬᠦᠷᠴᠦ ᠲᠡᠭᠡᠷ᠎ᠡ ᠵᠢᠯ ᠤᠨ ᠬᠢ ᠠᠴᠠ 3.6 % ᠪᠠᠷ ᠨᠡᠮᠡᠭᠳᠡᠵᠡᠢ᠃ ᠪᠠᠶᠢᠩᠭᠤ ᠰᠠᠭᠤᠭ᠎ᠠ ᠭᠠᠵᠠᠷ ᠢᠶᠠᠷ ᠨᠢ ᠬᠤᠪᠢᠶᠠᠪᠠᠯ᠂ ᠬᠤᠲᠠ ᠪᠠᠯᠭᠠᠰᠤᠨ ᠤ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠬᠡᠷᠡᠭᠯᠡᠭᠡᠨ ᠤ ᠵᠠᠷᠤᠯᠭ᠎ᠠ 29878 ᠲᠥᠭᠦᠷᠢᠭ ᠲᠤ ᠬᠦᠷᠴᠦ 3.0% ᠪᠠᠷ ᠨᠡᠮᠡᠭᠳᠡᠨ᠂ ᠮᠠᠯᠵᠢᠬᠤ ᠲᠠᠷᠢᠶᠠᠯᠠᠬᠤ ᠣᠷᠣᠨ ᠤ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠬᠡᠷᠡᠭᠯᠡᠭᠡᠨ ᠤ ᠵᠠᠷᠤᠯᠭ᠎ᠠ 14507 ᠲᠥᠭᠦᠷᠢᠭ ᠲᠤ ᠬᠦᠷᠴᠦ 4.4% ᠪᠠᠷ ᠨᠡᠮᠡᠭᠳᠡᠪᠡ᠃ ᠵᠢᠯ ᠤᠨ ᠡᠴᠦᠰ ᠲᠤ ᠦᠨᠳᠦᠰᠦᠨ ᠡᠮ ᠡᠮᠨᠡᠯᠭᠡ ᠶᠢᠨ ᠳᠠᠭᠠᠳᠬᠠᠯ ᠳᠤ ᠣᠷᠣᠯᠴᠠᠭᠰᠠᠨ ᠬᠥᠮᠦᠨ ᠤ ᠲᠤᠭ᠎ᠠ 16.3 ᠲᠦᠮᠡ ᠳᠤ ᠬᠦᠷᠴᠦ ᠳᠡᠭᠡᠷ᠎ᠡ ᠵᠢᠯ ᠤᠨ ᠡᠴᠦᠰ ᠤᠨ ᠬᠢ ᠠᠴᠠ 2.77 ᠲᠦᠮᠡᠨ ᠬᠥᠮᠦᠨ ᠪᠠᠭᠠᠰᠴᠤ 14.53% ᠪᠠᠷ ᠪᠠᠭᠤᠷᠠᠭᠠᠳ᠂ ᠳᠠᠭᠠᠳᠬᠠᠯ ᠤᠨ ᠬᠠᠮᠤᠷᠬᠤ ᠬᠡᠪᠴᠢᠶ᠎ᠡ 95% ᠠᠴᠠ ᠳᠡᠭᠡᠭᠰᠢ ᠳᠤ ᠲᠤᠭᠳᠠᠪᠤᠷᠢᠵᠢᠭᠰᠠᠨ ᠪᠠᠶᠢᠨ᠎ᠠ᠃ ᠡᠭᠦᠨ ᠳᠤ᠂ ᠬᠤᠲᠠ ᠪᠠᠯᠭᠠᠰᠤᠨ ᠤ ᠠᠵᠢᠯᠲᠠᠨ ᠠᠵᠢᠯᠴᠢᠨ ᠤ ᠦᠨᠳᠦᠰᠦᠨ ᠡᠮ ᠡᠮᠨᠡᠯᠭᠡ ᠶᠢᠨ ᠳᠠᠭᠠᠳᠬᠠᠯ ᠳᠤ ᠣᠷᠣᠯᠴᠠᠭᠰᠠᠨ ᠬᠥᠮᠦᠨ 2.35 ᠲᠦᠮᠡ ᠪᠠᠶᠢᠵᠤ ᠳᠡᠭᠡᠷ᠎ᠡ ᠵᠢᠯ ᠤᠨ ᠬᠢ ᠠᠴᠠ 0.36 ᠲᠦᠮᠡᠨ ᠬᠥᠮᠦᠨ ᠪᠠᠭᠠᠰᠤᠭᠠᠳ 13.28% ᠪᠠᠷ ᠪᠠᠭᠤᠷᠠᠪᠠ᠃ ᠬᠤᠲᠠ ᠪᠠᠯᠭᠠᠰᠤᠨ ᠤ ᠠᠵᠢᠯᠲᠠᠨ ᠠᠵᠢᠯᠴᠢᠨ ᠤ ᠦᠨᠳᠦᠰᠦᠨ ᠡᠮ ᠡᠮᠨᠡᠯᠭᠡ ᠶᠢᠨ ᠳᠠᠭᠠᠳᠬᠠᠯ ᠳᠤ ᠣᠷᠣᠯᠴᠠᠭᠰᠠᠨ ᠬᠥᠮᠦᠨ ᠤ ᠲᠤᠳᠤᠷ᠎ᠠ᠂ ᠠᠵᠢᠯ ᠤᠨ ᠪᠠᠶᠢᠷᠢ ᠳᠠᠭᠠᠨ ᠪᠠᠶᠢᠭ᠎ᠠ ᠠᠵᠢᠯᠲᠠᠨ ᠠᠵᠢᠯᠴᠢᠨ 1.2 ᠲᠦᠮᠡᠨ ᠬᠥᠮᠦᠨ᠂ ᠠᠵᠢᠯ ᠠᠴᠠ ᠪᠠᠨ ᠠᠮᠠᠷᠠᠭᠰᠠᠨ ᠠᠵᠢᠯᠲᠠᠨ ᠠᠵᠢᠯᠴᠢᠨ 1.15 ᠲᠦᠮᠡᠨ ᠬᠥᠮᠦᠨ ᠪᠤᠢ᠃ ᠬᠤᠲᠠ ᠬᠦᠲᠡᠭᠡ ᠶᠢᠨ ᠰᠠᠭᠤᠭᠠᠯᠢ ᠠᠷᠠᠳ ᠤᠨ ᠦᠨᠲᠦᠰᠦᠨ ᠡᠮ ᠡᠮᠨᠡᠯᠬᠡ ᠶᠢᠨ ᠲᠠᠭᠠᠳᠬᠠᠯ ᠳᠤ ᠤᠷᠤᠯᠴᠠᠭᠰᠠᠨ ᠬᠦᠮᠦᠨ 13.95 ᠳᠦᠮᠡ ᠪᠤᠯᠵᠤ ᠲᠡᠭᠡᠷ᠎ᠡ ᠵᠢᠯ ᠠᠴᠠ 2.41 ᠳᠦᠮᠡ ᠪᠠᠭᠠᠰᠤᠭᠠᠳ 14.73 ᠪᠠᠷ  ᠪᠠᠭᠤᠷᠠᠭᠰᠠᠨ ᠪᠠᠶᠢᠨ᠎ᠠ᠃ ᠵᠢᠯ ᠤᠨ ᠡᠴᠦᠰ ᠲᠤ ᠬᠤᠲᠠ ᠪᠠᠯᠭᠠᠰᠤᠨ ᠤ ᠠᠵᠢᠯᠲᠠᠨ ᠠᠵᠢᠯᠴᠢᠨ ᠤ ᠦᠨᠳᠦᠰᠦᠨ ᠨᠠᠰᠤᠵᠢᠯ ᠤᠨ ᠳᠠᠭᠠᠳᠬᠠᠯ ᠳᠤ ᠣᠷᠣᠯᠴᠠᠭᠰᠠᠨ ᠬᠦᠮᠦᠨ ᠤ ᠲᠤᠭ᠎ᠠ 21802 ᠪᠤᠢ᠂ ᠡᠭᠦᠨ ᠤ ᠲᠤᠳᠤᠷ᠎ᠠ ᠠᠵᠤ ᠠᠬᠤᠶᠢᠯᠠᠯ ᠤᠨ ᠳᠠᠭᠠᠳᠬᠠᠯ ᠳᠤ ᠣᠷᠣᠯᠴᠠᠭᠰᠠᠨ ᠬᠥᠮᠦᠨ ᠤ ᠲᠤᠭ᠎ᠠ 6913 ᠪᠠᠶᠢᠵᠤ 3.05% ᠪᠠᠷ ᠨᠡᠮᠡᠭᠳᠡᠨ᠂ ᠠᠮᠢᠳᠤᠯᠢᠭ ᠢᠶᠠᠷ ᠠᠵᠢᠯ ᠤᠯᠤᠭᠰᠠᠳ ᠤᠨ ᠳᠠᠭᠠᠳᠬᠠᠯ ᠳᠤ ᠣᠷᠣᠯᠴᠠᠭᠰᠠᠨ ᠬᠥᠮᠦᠨ ᠲᠤᠭ᠎ᠠ 5563 ᠪᠠᠶᠢᠵᠤ 1.29% ᠪᠠᠷ ᠨᠡᠮᠡᠭᠳᠡᠪᠡ᠃ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠨᠡᠶᠢᠭᠡᠮ ᠤᠨ ᠨᠠᠰᠤᠵᠢᠯ ᠤᠨ ᠳᠠᠭᠠᠳᠬᠠᠯ ᠳᠤ ᠣᠷᠣᠯᠴᠠᠭᠰᠠᠨ ᠬᠥᠮᠦᠨ ᠲᠤᠭ᠎ᠠ 101897 ᠪᠠᠶᠢᠵᠤ 0.35 % ᠪᠠᠷ ᠨᠡᠮᠡᠭᠳᠡᠪᠡ᠃ ᠠᠵᠢᠯ ᠠᠯᠳᠠᠯᠲᠠ ᠶᠢᠨ ᠳᠠᠭᠠᠳᠬᠠᠯ ᠳᠤ ᠣᠷᠣᠯᠴᠠᠭᠰᠠᠨ ᠬᠥᠮᠦᠨ ᠤ ᠲᠤᠭ᠎ᠠ 8220 ᠬᠥᠮᠦᠨ ᠪᠠᠶᠢᠵᠤ 4.4% ᠪᠠᠷ ᠨᠡᠮᠡᠭᠳᠡᠨ᠂ ᠠᠵᠢᠯ ᠠᠯᠳᠠᠯᠲᠠ ᠶᠢᠨ ᠳᠠᠭᠠᠳᠬᠠᠯ ᠤᠨ ᠮᠥᠩᠭᠦ   ᠪᠠᠨ ᠭᠠᠷᠳᠠᠭᠰᠠᠨ 151 ᠬᠥᠮᠦᠨ ᠪᠠᠶᠢᠨ᠎ᠠ᠃
 
ᠢᠷᠡᠯᠲᠡ᠄ ᠲᠠᠶᠢᠹᠤᠰᠧ ᠬᠤᠰᠢᠭᠤᠨ ᠤ ᠲᠤᠭ᠎ᠠ ᠪᠦᠷᠢᠳᠬᠡᠯ ᠤᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号