ᠦᠨᠳᠦᠰᠦᠨ ᠱᠠᠲᠤᠨ ᠤ ᠡᠮᠡᠭᠲᠡᠶᠢᠴᠦᠳ ᠤᠨ ᠬᠤᠯᠪᠤᠭᠠᠨ ᠤ ᠺᠠᠳ᠋ᠷ ᠤᠨ ᠶᠡᠷᠦᠩᠬᠡᠶᠢᠯᠡᠭᠰᠡᠨ ᠭᠡᠪ ᠴᠢᠳᠠᠪᠤᠷᠢ ᠶᠢ ᠳᠡᠭᠡᠭᠰᠢᠯᠡᠭᠦᠯᠬᠦ ᠲᠥᠷᠥᠯ ᠵᠦᠢᠯ ᠡᠬᠢᠯᠡᠪᠡ
ᠨᠡᠶᠢᠲᠡᠯᠡᠭᠰᠡᠨ ᠴᠠᠭ᠄
2025/4/29
    ᠶᠡᠷᠦᠩᠬᠡᠢ ᠱᠦᠵᠢ ᠰᠢ ᠶᠢᠨ ᠫᠢᠩ ᠤᠨ ᠡᠮᠡᠭᠲᠡᠶᠢᠴᠦᠳ ᠬᠡᠦᠬᠡᠳ ᠪᠠᠭᠠᠴᠤᠳ ᠪᠣᠯᠣᠨ ᠡᠮᠡᠭᠲᠡᠶᠢᠴᠦᠳ ᠤᠨ ᠬᠤᠯᠪᠤᠭᠠᠨ ᠤ ᠠᠵᠢᠯ ᠤᠨ ᠲᠤᠬᠠᠢ ᠴᠢᠬᠤᠯᠠ ᠥᠭᠦᠯᠡᠯᠲᠡ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠪᠠᠷ ᠭᠤᠣᠯ ᠰᠢᠵᠢᠮ ᠪᠤᠯᠭᠠᠨ᠂ ᠡᠮᠡᠭᠲᠡᠶᠢᠴᠦᠳ ᠤᠨ ᠬᠤᠯᠪᠤᠭᠠᠨ ᠤ ᠵᠣᠬᠢᠶᠠᠨ ᠪᠠᠶᠢᠭᠤᠯᠤᠯᠲᠠ ᠶᠢᠨ ᠵᠢᠯᠤᠭᠤᠳᠬᠤ ᠦᠢᠯᠡᠴᠢᠯᠡᠬᠦ ᠬᠠᠷᠢᠯᠴᠠᠬᠤ ᠦᠢᠯᠡᠳᠦᠯ ᠢ ᠦᠷᠭᠦᠯᠵᠢᠯᠡᠨ ᠪᠠᠳᠠᠷᠠᠭᠤᠯᠬᠤ ᠶᠢᠨ ᠲᠥᠯᠥᠭᠡ᠂ 4 ᠰᠠᠷ᠎ᠠ ᠶᠢᠨ 28 ᠤ ᠡᠳᠦᠷ ᠥᠪᠡᠷᠲᠡᠭᠡᠨ ᠵᠠᠰᠠᠬᠤ ᠣᠷᠣᠨ ᠤ ᠡᠮᠡᠭᠲᠡᠶᠢᠴᠦᠳ ᠤᠨ ᠬᠤᠯᠪᠤᠭᠠᠨ ᠤ ︽ᠪᠠᠭᠪᠠᠭᠠᠶ ᠴᠡᠴᠡᠭ︾ ᠡᠮᠡᠭᠲᠡᠶᠢᠴᠦᠳ ᠬᠡᠦᠬᠡᠳ ᠪᠠᠭᠠᠴᠤᠳ ᠤᠨ ᠡᠷᠬᠡ ᠠᠰᠢᠭ ᠢ ᠬᠠᠮᠠᠭᠠᠯᠠᠬᠤ ᠦᠢᠯᠡᠴᠢᠯᠡᠭᠡᠨ ᠤ ᠲᠦᠷᠦᠯ ᠵᠦᠢᠯ — ᠲᠠᠶᠢᠹᠤᠰᠧ ᠬᠤᠰᠢᠭᠤᠨ ᠤ ᠦᠨᠳᠦᠰᠦᠨ ᠱᠠᠲᠤᠨ ᠤ ᠡᠮᠡᠭᠲᠡᠶᠢᠴᠦᠳ ᠤᠨ ᠬᠤᠯᠪᠤᠭᠠᠨ ᠤ ᠺᠠᠳ᠋ᠷ ᠤᠨ ᠶᠡᠷᠦᠩᠬᠡᠶᠢᠯᠡᠭᠰᠡᠨ ᠭᠡᠪ ᠴᠢᠳᠠᠪᠤᠷᠢ ᠶᠢ ᠳᠡᠭᠡᠭᠰᠢᠯᠡᠭᠦᠯᠬᠦ ᠲᠦᠷᠦᠯ ᠵᠦᠢᠯ ᠪᠤᠤᠴᠠᠩ ᠪᠠᠯᠭᠠᠰᠤᠨ ᠤ ᠰᠢᠨᠬᠤᠸᠠ ᠨᠡᠶᠢᠭᠡᠮ ᠲᠣᠭᠤᠷᠢᠭ ᠲᠤ ᠵᠢᠩᠬᠢᠨᠢ ᠪᠠᠷ ᠡᠬᠢᠯᠡᠪᠡ᠃ ᠡᠬᠢᠯᠡᠯᠲᠡ ᠶᠢᠨ ᠶᠣᠰᠣᠯᠠᠯ ᠳᠡᠭᠡᠷ᠎ᠡ᠂ ᠲᠠᠶᠢᠹᠤᠰᠧ ᠬᠤᠰᠢᠭᠤᠨ ᠤ ᠦᠨᠳᠦᠰᠦᠨ ᠱᠠᠲᠤᠨ ᠤ ᠡᠮᠡᠭᠲᠡᠶᠢᠴᠦᠳ ᠤᠨ  ᠬᠤᠯᠪᠤᠭᠠᠨ ᠤ ᠺᠠᠳ᠋ᠷ ᠤᠨ ᠶᠡᠷᠦᠩᠬᠡᠶᠢᠯᠡᠭᠰᠡᠨ ᠭᠡᠪ ᠴᠢᠳᠠᠪᠤᠷᠢ ᠶᠢ ᠳᠡᠭᠡᠭᠰᠢᠯᠡᠭᠦᠯᠬᠦ ᠲᠥᠷᠥᠯ ᠵᠦᠢᠯ ᠤᠨ ᠠᠬᠤᠢ ᠪᠠᠶᠢᠳᠠᠯ᠂ ᠵᠣᠬᠢᠶᠠᠨ ᠪᠠᠶᠢᠭᠤᠯᠤᠯᠲᠠ ᠶᠢᠨ ᠪᠠᠶᠢᠳᠠᠯ᠂ ᠲᠥᠷᠥᠯ ᠵᠦᠢᠯ ᠤᠨ ᠲᠥᠯᠥᠪᠵᠢᠭᠦᠯᠭᠡ ᠵᠢᠴᠢ ᠲᠤᠷᠠᠶᠢᠮ᠎ᠠ ᠴᠡᠭ ᠵᠡᠷᠭᠡ ᠶᠢ  ᠲᠠᠨᠢᠯᠴᠠᠭᠤᠯᠵᠤ᠂ ᠠᠶᠢᠮᠠᠭ ᠤᠨ ᠬᠡᠷ ᠪᠦᠯᠢ ᠶᠢᠨ ᠰᠤᠷᠭᠠᠨ ᠬᠥᠮᠦᠵᠢᠯ ᠤᠨ ᠯᠧᠺᠲ᠋ᠣᠷ ᠤᠨ ᠪᠦᠯᠬᠦᠮ ᠤᠨ ᠭᠡᠰᠢᠭᠦᠨ ᠸᠠᠩ ᠰᠢᠤ ᠶᠠᠨ᠂ ᠥᠪᠥᠷ ᠮᠣᠩᠭᠤᠯ ᠤᠨ ᠵᠠᠨ ᠮᠠ ᠬᠠᠤᠯᠢᠴᠢ ᠶᠢᠨ ᠬᠡᠷᠡᠭ ᠡᠷᠬᠢᠯᠡᠬᠦ ᠭᠠᠵᠠᠷ ᠤᠨ ᠬᠠᠤᠯᠢᠴᠢ ᠰᠠᠶᠢᠨᠲᠠᠨ᠎ᠠ᠂ ᠲᠠᠶᠢᠹᠤᠰᠧ ᠬᠤᠰᠢᠭᠤᠨ ᠤ ᠮᠧᠶ ᠼᠦᠨ ᠢᠦ ᠭᠸᠦ  ᠡᠯᠧᠺᠲᠷᠤᠨ ᠬᠤᠳᠠᠯᠳᠤᠭᠠᠨ ᠤ ᠶᠠᠪᠤᠳᠠᠯ ᠤᠨ ᠬᠢᠵᠠᠭᠠᠷᠲᠤ ᠺᠣᠮᠫᠠᠨᠢ ᠶᠢᠨ ᠠᠵᠢᠯᠲᠠᠨ ᠯᠢ ᠰᠢᠨ ᠠᠴᠠ ᠲᠤᠰᠪᠤᠷᠢ ᠬᠡᠷ ᠪᠦᠯᠢ ᠶᠢᠨ ᠰᠤᠷᠭᠠᠨ ᠬᠥᠮᠦᠵᠢᠯ᠂ ᠬᠠᠤᠯᠢ ᠶᠢᠨ ᠮᠡᠳᠡᠯᠭᠡ᠂ ᠤᠰᠤ ᠠᠷᠪᠢᠯᠠᠬᠤ  ᠂  ᠡᠯᠧᠺᠲᠷᠤᠨ ᠬᠤᠳᠠᠯᠳᠤᠭᠠᠨ ᠤ ᠣᠬᠤᠷ ᠸᠢᠳᠢᠣ᠋ ᠶᠢᠨ ᠬᠡᠷᠡᠭᠯᠡᠭᠡᠨ ᠤ ᠲᠤᠬᠠᠢ ᠬᠢᠴᠢᠶᠡᠯ ᠲᠠᠶᠢᠯᠤᠮᠵᠢ ᠬᠢᠵᠡᠢ᠃ ᠣᠶᠢᠯᠠᠭᠠᠭᠰᠠᠨ ᠢᠶᠠᠷ᠂ ᠲᠠᠶᠢᠹᠤᠰᠧ ᠬᠤᠰᠢᠭᠤᠨ ᠤ ᠦᠨᠳᠦᠰᠦᠨ ᠱᠠᠲᠤᠨ ᠤ ᠡᠮᠡᠭᠲᠡᠶᠢᠴᠦᠳ ᠤᠨ ᠬᠤᠯᠪᠤᠭᠠᠨ ᠤ ᠺᠠᠳ᠋ᠷᠴᠤᠳ ᠤᠨ ᠶᠡᠷᠦᠩᠬᠡᠶᠢᠯᠡᠭᠰᠡᠨ ᠭᠡᠪ ᠴᠢᠳᠠᠪᠤᠷᠢ ᠶᠢ ᠳᠡᠭᠡᠭᠰᠢᠯᠡᠭᠦᠯᠬᠦ ᠲᠥᠷᠥᠯ ᠵᠦᠢᠯ ᠨᠢ 7 ᠰᠤᠮᠤ ᠰᠢᠶᠠᠩ ᠪᠠᠯᠭᠠᠰᠤ᠂ 182 ᠭᠠᠴᠠᠭ᠎ᠠ ᠲᠣᠰᠬᠤᠨ ᠨᠡᠶᠢᠭᠡᠮ ᠲᠣᠭᠤᠷᠢᠭ ᠤᠨ ᠦᠨᠳᠦᠰᠦᠨ ᠱᠠᠲᠤᠨ ᠤ ᠡᠮᠡᠭᠲᠡᠶᠢᠴᠦᠳ ᠤᠨ  ᠬᠤᠯᠪᠤᠭᠠᠨ ᠤ ᠺᠠᠳ᠋ᠷᠴᠤᠳ ᠤᠨ ᠶᠡᠷᠦᠩᠬᠡᠶᠢᠯᠡᠭᠰᠡᠨ ᠬᠡᠪ ᠴᠢᠳᠠᠪᠤᠷᠢ ᠶᠢ ᠳᠡᠭᠡᠭᠰᠢᠯᠡᠭᠦᠯᠬᠦ ᠶᠢᠨ ᠲᠤᠭᠤᠷᠢᠨ ᠳᠤ ᠪᠣᠯᠪᠠᠰᠤᠷᠠᠯ ᠡᠷᠬᠢᠯᠡᠵᠦ ᠦᠨᠳᠦᠰᠦᠨ ᠱᠠᠲᠤᠨ ᠤ ᠡᠮᠡᠭᠲᠡᠶᠢᠴᠦᠳ ᠤᠨ ᠬᠤᠯᠪᠤᠭᠠᠨ ᠤ ᠺᠠᠳ᠋ᠷᠴᠤᠳ ᠤᠨ ᠡᠮᠡᠭᠳᠡᠢ ᠣᠯᠠᠨ ᠲᠦᠮᠡᠨ ᠳᠤ ᠲᠤᠯᠭᠠᠷᠠᠵᠤ ᠪᠠᠶᠢᠭ᠎ᠠ ᠠᠰᠠᠭᠤᠳᠠᠯ ᠪᠠ ᠵᠥᠷᠢᠴᠡᠯ ᠢ ᠰᠢᠢᠳᠪᠦᠷᠢᠯᠡᠬᠦ ᠠᠵᠢᠯ ᠤᠨ ᠬᠢᠷᠢ ᠴᠢᠳᠠᠪᠤᠷᠢ ᠶᠢ ᠨᠡᠮᠡᠭᠳᠡᠭᠦᠯᠦᠨ᠂ ᠬᠦᠴᠢᠷᠳᠡᠯ ᠳᠤ ᠲᠤᠯᠭᠠᠷᠠᠭᠰᠠᠨ ᠡᠮᠡᠭᠲᠡᠶᠢᠴᠦᠳ ᠤᠨ ᠨᠡᠶᠢᠭᠡᠮ ᠤᠨ ᠵᠣᠬᠢᠴᠠᠬᠤ ᠴᠢᠨᠠᠷ ᠢ ᠳᠡᠭᠡᠭᠰᠢᠯᠡᠭᠦᠯᠵᠦ᠂ ᠦᠨᠳᠦᠰᠦᠨ ᠱᠠᠲᠤᠨ ᠤ ᠨᠡᠶᠢᠭᠡᠮ ᠤᠨ ᠵᠠᠰᠠᠯᠲᠠ ᠳᠤ ᠬᠦᠴᠦᠨ ᠨᠡᠮᠡᠷᠢᠯᠡᠵᠦ᠂ ᠠᠮᠤᠷ ᠠᠮᠤᠭᠤᠯᠠᠩ ᠲᠠᠶᠢᠹᠤᠰᠧ ᠬᠤᠰᠢᠭᠤᠨ ᠤ ᠪᠠᠶᠢᠭᠤᠯᠤᠯᠲᠠ ᠶᠢ ᠠᠬᠢᠭᠤᠯᠬᠤ  ᠪᠠᠷ ᠭᠤᠤᠯ ᠵᠤᠷᠢᠯᠭ᠎ᠠ ᠪᠠᠨ ᠪᠤᠯᠭᠠᠵᠠᠢ᠃ ᠬᠤᠰᠢᠭᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ᠂ ᠨᠡᠶᠢᠭᠡᠮ ᠤᠨ ᠠᠵᠢᠯ ᠤᠨ ᠬᠡᠯᠲᠡᠰ᠂ ᠬᠤᠰᠢᠭᠤᠨ ᠤ ᠠᠵᠢᠯ ᠤᠯᠭᠤᠬᠤ ᠦᠢᠯᠡᠴᠢᠯᠡᠭᠡᠨ ᠤ ᠲᠥᠪ᠂ ᠬᠠᠤᠯᠢ ᠴᠠᠭᠠᠵᠠ ᠶᠢᠨ ᠲᠤᠪᠴᠢᠶᠠᠨ ᠤ ᠬᠠᠤᠯᠢ ᠴᠠᠭᠠᠵᠠ ᠶᠢᠨ ᠲᠤᠰᠠᠯᠠᠮᠵᠢ ᠬᠦᠷᠭᠡᠬᠦ ᠲᠥᠪ᠂ ᠶᠡᠷᠦᠩᠬᠡᠶᠢᠯᠡᠭᠰᠡᠨ ᠳᠡᠭᠡᠳᠦ ᠵᠡᠷᠭᠡ ᠶᠢᠨ ᠳᠤᠮᠳᠠᠳᠤ ᠰᠤᠷᠭᠠᠭᠤᠯᠢ ᠶᠢᠨ ᠬᠠᠮᠢᠶ᠎ᠠ ᠪᠥᠬᠦᠶ ᠬᠠᠷᠢᠭᠤᠴᠠᠯᠭᠠᠲᠠᠨ ᠡᠬᠢᠯᠡᠯᠲᠡ ᠶᠢᠨ ᠶᠣᠰᠣᠯᠠᠯ ᠳᠤ ᠣᠷᠣᠯᠴᠠᠵᠤ᠂ ᠰᠤᠮᠤ ᠰᠢᠶᠠᠩ ᠪᠠᠯᠭᠠᠰᠤ᠂ ᠭᠠᠴᠠᠭ᠎ᠠ ᠲᠣᠰᠬᠤᠨ᠂ ᠨᠡᠶᠢᠭᠡᠮ ᠲᠣᠭᠤᠷᠢᠭ ᠤᠨ ᠡᠮᠡᠭᠲᠡᠶᠢᠴᠦᠳ ᠤᠨ ᠬᠤᠯᠪᠤᠭᠠᠨ ᠤ   ᠺᠠᠳ᠋ᠷ 80 ᠭᠠᠷᠤᠶ ᠬᠥᠮᠦᠨ ᠪᠣᠯᠪᠠᠰᠤᠷᠠᠯ ᠳᠤ ᠤᠷᠤᠯᠴᠠᠭᠰᠠᠨ ᠪᠠᠶᠢᠨ᠎ᠠ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号