ᠯᠦᠸᠧ ᠲᠦᠸᠧ ᠱᠠᠨ ᠪᠠᠯᠭᠠᠰᠤ᠄ ᠪᠠᠶᠢᠴᠠᠭᠠᠨ ᠵᠢᠯᠤᠭᠤᠳᠬᠤ ᠳᠤᠭᠤᠶᠢᠯᠠᠩ ᠡᠯ᠎ᠡ ᠲᠣᠰᠬᠤᠨ ᠳᠤ ᠬᠦᠨᠵᠡᠬᠡᠶᠢᠷᠡᠵᠦ ᠭᠤᠣᠯᠳᠠᠯᠭ᠎ᠠ ᠲᠠᠢ ᠠᠵᠢᠯ ᠢ ᠵᠢᠯᠤᠭᠤᠳᠤᠨ᠎ᠠ
ᠨᠡᠶᠢᠲᠡᠯᠡᠭᠰᠡᠨ ᠴᠠᠭ᠄
2025/4/29
   ᠡᠯ᠎ᠡ ᠲᠣᠰᠬᠤᠨ ᠤ  ᠪᠤᠳᠠᠳᠠᠢ ᠪᠠᠶᠢᠳᠠᠯ ᠢ ᠪᠦᠬᠦ ᠲᠠᠯ᠎ᠠ ᠪᠠᠷ ᠣᠨᠣᠪᠴᠢᠲᠠᠢ ᠡᠵᠡᠮᠳᠡᠵᠦ᠂ ᠪᠦᠬᠦ ᠪᠠᠯᠭᠠᠰᠤᠨ ᠤ ᠡᠯ᠎ᠡ ᠲᠦᠷᠦᠯ ᠤᠨ ᠭᠤᠣᠯᠳᠠᠯᠭ᠎ᠠ ᠲᠠᠢ ᠠᠵᠢᠯ ᠢ ᠯᠠᠪᠳᠠᠭᠤᠨ ᠪᠠᠲᠤᠲᠠᠢ ᠠᠬᠢᠭᠤᠯᠬᠤ ᠶᠢᠨ ᠲᠥᠯᠥᠭᠡ᠂ ᠤᠢᠢᠷ᠎ᠠ ᠳᠤ  ᠯᠦᠸᠧ ᠲᠦᠸᠧ ᠱᠠᠨ ᠪᠠᠯᠭᠠᠰᠤ ᠨᠢ ︽ᠬᠦᠨ ᠭᠦᠨᠵᠡᠭᠡᠢ ᠪᠠᠶᠢᠴᠠᠭᠠᠨ ᠰᠤᠳᠤᠯᠬᠤ᠂ ᠨᠠᠷᠢᠨ ᠨᠢᠮᠪᠠᠢ ᠬᠢᠨᠠᠨ ᠵᠢᠯᠤᠭᠤᠳᠬᠤ᠂ ᠰᠡᠳᠬᠢᠴᠡ ᠶᠢ ᠡᠮᠬᠢᠯᠡᠨ ᠬᠥᠭᠵᠢᠯᠲᠡ ᠶᠢ ᠡᠷᠢᠯᠬᠢᠯᠡᠬᠦ︾  ᠪᠠᠶᠢᠷᠢ ᠲᠣᠭᠲᠠᠭᠠᠯᠲᠠ ᠲᠠᠢ ᠤᠶᠠᠯᠳᠤᠭᠤᠯᠵᠤ ᠡᠯ᠎ᠡ ᠲᠣᠰᠬᠤᠨ ᠳᠤ ᠭᠦᠨᠵᠡᠭᠡᠶᠢᠷᠡᠨ ᠪᠠᠶᠢᠴᠠᠭᠠᠨ ᠵᠢᠯᠤᠭᠤᠳᠬᠤ ᠠᠵᠢᠯ ᠦᠷᠨᠢᠬᠦᠯᠵᠦ ᠪᠤᠢ᠃ ᠪᠠᠶᠢᠴᠠᠭᠠᠨ ᠵᠢᠯᠤᠭᠤᠳᠬᠤ ᠶᠠᠪᠤᠴᠠ ᠳᠤ᠂ ᠡᠯ᠎ᠡ ᠲᠣᠰᠬᠤᠨ ᠤ ︽ᠬᠤᠶᠠᠷ ᠵᠥᠪᠯᠡᠯ︾ ᠤᠨ ᠭᠡᠰᠢᠬᠦᠨ᠂ ᠪᠡᠯᠡᠳᠬᠡᠯ ᠺᠠᠳ᠋ᠷ᠂ ᠨᠠᠮ ᠤᠨ ᠭᠡᠰᠢᠭᠦᠨ ᠪᠠ ᠣᠯᠠᠨ ᠲᠦᠮᠡᠨ ᠤ ᠲᠥᠯᠥᠭᠡᠯᠡᠭᠴᠢ ᠲᠠᠢ ᠨᠢᠭᠤᠷᠳᠠᠨ ᠶᠠᠷᠢᠯᠴᠠᠵᠤ᠂ ᠲᠣᠰᠬᠤᠨ ᠤ ᠲᠦᠢᠮᠣ ᠪᠠᠶᠢᠳᠠᠯ᠂ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ᠂ ᠤᠳᠤᠷᠢᠳᠬᠤ ᠪᠠᠭ ᠤᠨ ᠪᠦᠷᠢᠯᠳᠦᠴᠡ᠂ ᠬᠤᠭᠤᠴᠠᠭ᠎ᠠ ᠰᠣᠯᠢᠬᠤ ᠠᠵᠢᠯ ᠤᠨ ᠪᠡᠯᠡᠳᠬᠡᠯ᠂  ᠣᠷᠣᠰᠢᠭᠤᠯᠭ᠎ᠠ ᠶᠢᠨ ᠥᠭᠡᠷᠡᠴᠢᠯᠡᠯᠲᠡ ᠵᠡᠷᠭᠡ ᠲᠠᠯᠠᠪᠠᠷ ᠬᠠᠷᠢᠭᠤ ᠮᠡᠳᠡᠭᠦᠯᠦᠯᠲᠡ ᠰᠣᠨᠣᠰᠬᠤ ᠶᠢᠨ ᠬᠠᠮᠲᠤ ᠭᠤᠤᠯᠳᠠᠯᠭ᠎ᠠ ᠲᠠᠢ ᠬᠦᠴᠢᠷ ᠠᠰᠠᠭᠤᠳᠠᠯ ᠵᠢᠴᠢ ᠢᠷᠡᠭᠡᠳᠦᠶ ᠶᠢᠨ ᠲᠥᠯᠥᠪᠵᠢᠭᠦᠯᠭᠡ ᠵᠡᠷᠭᠡ ᠶᠢ ᠠᠰᠠᠭᠤᠨ ᠯᠠᠪᠯᠠᠵᠤ᠂ ᠣᠷᠣᠰᠢᠵᠤ ᠪᠠᠶᠢᠭ᠎ᠠ ᠪᠣᠳᠠᠲᠠᠶ ᠠᠰᠠᠭᠤᠳᠠᠯ ᠳᠤ ᠴᠢᠭᠯᠡᠭᠦᠯᠦᠨ ᠰᠢᠢᠳᠪᠦᠷᠢᠯᠡᠬᠦ ᠠᠷᠭ᠎ᠠ ᠬᠡᠮᠵᠢᠶ᠎ᠡ ᠲᠤᠷᠠᠳᠤᠭᠰᠠᠨ ᠪᠠᠶᠢᠨ᠎ᠠ᠃ ᠪᠠᠶᠢᠴᠠᠭᠠᠨ ᠵᠢᠯᠤᠭᠤᠳᠬᠤ ᠳᠤᠭᠤᠶᠢᠯᠠᠩ ᠠᠴᠠ᠂ ᠨᠢᠭᠡ ᠳᠤ ᠨᠠᠮ ᠤᠨ ᠡᠭᠦᠷ ᠤᠨ ᠲᠤᠰ ᠪᠡᠶ᠎ᠡ ᠶᠢᠨ ᠪᠠᠶᠢᠭᠤᠯᠤᠯᠲᠠ ᠶᠢ ᠰᠠᠶᠢᠲᠤᠷ  ᠠᠳᠬᠤᠨ᠂ ᠨᠠᠮ ᠤᠨ ᠡᠭᠦᠷ ᠤᠨ ᠲᠠᠶᠢᠴᠢᠨ ᠪᠠᠬᠢᠯᠡᠯᠲᠡ ᠶᠢᠨ ᠦᠢᠯᠡᠳᠦᠯ ᠪᠣᠯᠤᠨ ᠨᠠᠮ ᠤᠨ ᠭᠡᠰᠢᠭᠦᠨ ᠤ ᠬᠤᠰᠢᠭᠤᠴᠢ ᠵᠢᠱᠢᠶᠡᠴᠢ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠲᠣᠰᠬᠤᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠲᠦᠷᠢᠮᠵᠢᠭᠰᠡᠨ ᠪᠠᠶᠢᠭᠤᠯᠤᠯᠲᠠ ᠶᠢᠨ ᠡᠷᠴᠢᠮ ᠢ ᠴᠢᠩᠭᠠᠷᠠᠭᠤᠯᠵᠤ᠂ ᠲᠣᠰᠬᠤᠨ ᠤ ᠤᠳᠤᠷᠢᠳᠬᠤ ᠪᠠᠭ ᠤᠨ ᠨᠢᠭᠲᠠᠷᠠᠯ ᠤᠨ ᠬᠦᠴᠦᠨ᠂ ᠲᠠᠶᠢᠴᠢᠨ ᠬᠦᠴᠦᠨ ᠢ ᠲᠠᠰᠤᠷᠠᠯᠳᠠ ᠦᠭᠡᠢ ᠳᠡᠭᠡᠭᠰᠢᠯᠡᠭᠦᠯᠬᠦ ᠬᠡᠷᠡᠭᠲᠡᠢ᠃ ᠬᠤᠶᠠᠷ ᠲᠤ ᠲᠣᠰᠬᠤᠨ ᠤ ︽ᠬᠤᠶᠠᠷ ᠵᠥᠪᠯᠡᠯ︾ ᠤᠨ ᠭᠡᠰᠢᠬᠦᠳ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ ᠪᠠᠶᠢᠭᠠᠳ ᠡᠯ᠎ᠡ ᠲᠦᠷᠦᠯ ᠤᠨ ᠭᠤᠣᠯᠳᠠᠯᠭ᠎ᠠ ᠲᠠᠢ ᠠᠵᠢᠯ ᠢ ᠴᠢᠩᠭ᠎ᠠ ᠠᠳᠬᠤᠨ᠂ ᠪᠠᠯᠭᠠᠰᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠠᠵᠢᠯ  ᠡᠭᠦᠷᠭᠡ ᠲᠠᠢ ᠬᠠᠷᠭᠤᠭᠤᠯᠵᠤ᠂ ᠣᠳᠣᠬᠠᠨ ᠤ ᠡᠯ᠎ᠡ ᠵᠦᠢᠯ ᠤᠨ ᠭᠤᠣᠯᠳᠠᠯᠭ᠎ᠠ ᠲᠠᠢ ᠠᠵᠢᠯ ᠢ ᠥᠨᠳᠥᠷ ᠪᠠᠷᠢᠮᠵᠢᠶ᠎ᠠ ᠪᠠᠷ ᠴᠢᠨᠠᠷ ᠰᠠᠶᠢᠲᠠᠢ ᠠᠬᠢᠭᠤᠯᠬᠤ ᠬᠡᠷᠡᠭᠲᠡᠢ᠃ ᠭᠤᠷᠪᠠ ᠳᠤ ᠤᠯᠠᠨ ᠲᠦᠮᠡᠨ ᠳᠤ ᠦᠢᠯᠡᠴᠢᠯᠡᠬᠦ ᠠᠵᠢᠯ ᠢ ᠪᠣᠳᠠᠲᠠᠢ  ᠠᠳᠬᠤᠨ᠂ ᠤᠯᠠᠨ ᠲᠦᠮᠡᠨ ᠤ ᠳᠣᠲᠣᠨᠣ ᠬᠥᠮᠦᠨ ᠪᠤᠯᠵᠤ᠂ ᠤᠯᠠᠨ ᠲᠦᠮᠡᠨ ᠤ ᠬᠦᠰᠡᠯ ᠱᠠᠭᠠᠷᠳᠠᠯᠭ᠎ᠠ ᠶᠢ ᠴᠠᠭ ᠲᠤᠬᠠᠢ ᠳᠤᠨᠢ ᠰᠢᠢᠳᠪᠦᠷᠢᠯᠡᠨ᠂ ᠠᠷᠠᠳ ᠤᠨ ᠠᠮᠢᠳᠤᠷᠠᠯ ᠳᠤ ᠠᠰᠢᠭ ᠲᠠᠢ ᠶᠠᠪᠤᠳᠠᠯ ᠢ ᠪᠣᠳᠠᠲᠠᠢ ᠬᠢᠵᠦ᠂ ᠠᠷᠠᠳ ᠤᠨ ᠰᠡᠳᠬᠢᠯ ᠢ ᠳᠤᠯᠠᠭᠠᠴᠠᠭᠤᠯᠬᠤ ᠶᠠᠪᠤᠳᠠᠯ ᠢ ᠨᠠᠷᠢᠯᠢᠭ ᠬᠢᠵᠦ᠂ ᠠᠷᠠᠳ ᠤᠨ ᠰᠠᠨᠠᠭᠠᠨ ᠳᠤ ᠨᠡᠶᠢᠴᠡᠬᠦ ᠶᠠᠪᠤᠳᠠᠯ ᠢ  ᠰᠠᠶᠢᠨ ᠬᠢᠬᠦ ᠬᠡᠷᠡᠭᠲᠡᠢ ᠬᠡᠵᠦ ᠴᠢᠬᠤᠯᠠᠴᠢᠯᠠᠪᠠ᠃
 
ᠢᠷᠡᠯᠲᠡ᠄ ᠯᠦᠸᠧ ᠲᠦᠸᠧ ᠱᠠᠨ ᠪᠠᠯᠭᠠᠰᠤᠨ  ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号