ᠪᠤᠤᠴᠠᠩ ᠪᠠᠯᠭᠠᠰᠤᠨ ᠤ ᠡᠮᠡᠭᠲᠡᠶᠢᠴᠦᠳ ᠤᠨ ᠬᠤᠯᠪᠣᠭ᠎ᠠ ᠬᠠᠤᠯᠢ ᠲᠦᠭᠡᠮᠡᠯᠵᠢᠭᠦᠯᠬᠦ ᠤᠬᠠᠭᠤᠯᠭ᠎ᠠ ᠬᠢᠭᠰᠡᠨ
ᠨᠡᠶᠢᠲᠡᠯᠡᠭᠰᠡᠨ ᠴᠠᠭ᠄
2025/4/29
    ᠡᠮᠡᠭᠲᠡᠶᠢᠴᠦᠳ ᠤᠨ ᠬᠠᠤᠯᠢ ᠴᠠᠭᠠᠵᠠ ᠶᠢᠨ ᠤᠬᠠᠮᠰᠠᠷ ᠢ ᠳᠡᠭᠡᠭᠰᠢᠯᠡᠭᠦᠯᠵᠦ᠂ ᠡᠮᠡᠭᠲᠡᠶᠢᠴᠦᠳ ᠤᠨ ᠬᠠᠤᠯᠢ ᠶᠣᠰᠣᠨ ᠤ ᠡᠷᠬᠡ ᠠᠰᠢᠭ ᠢ ᠦᠨᠡᠨ ᠬᠦ ᠬᠠᠮᠠᠭᠠᠯᠠᠬᠤ ᠶᠢᠨ ᠲᠥᠯᠥᠭᠡ᠂ ᠣᠶᠢᠷ᠎ᠠ  ᠳᠤ ᠪᠤᠤᠴᠠᠩ ᠪᠠᠯᠭᠠᠰᠤᠨ ᠤ ᠡᠮᠡᠭᠲᠡᠶᠢᠴᠦᠳ ᠤᠨ ᠬᠤᠯᠪᠣᠭ᠎ᠠ ᠨᠢ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠤᠬᠠᠭᠤᠯᠭ᠎ᠠ ᠶᠢᠨ ᠠᠵᠢᠯᠯᠠᠭ᠎ᠠ ᠶᠢ ᠵᠣᠬᠢᠶᠠᠨ ᠪᠠᠶᠢᠭᠤᠯᠵᠦ ᠦᠷᠨᠢᠬᠦᠯᠪᠡ᠃ ᠪᠠᠯᠭᠠᠰᠤᠨ ᠤ ᠡᠮᠡᠭᠲᠡᠶᠢᠴᠦᠳ ᠤᠨ ᠬᠤᠯᠪᠤᠭᠠᠨ ᠤ ᠠᠵᠢᠯᠲᠠᠳ ᠠᠴᠠ ︽ᠬᠡᠷ ᠪᠦᠯᠢ ᠶᠢᠨ ᠬᠦᠴᠦᠷᠬᠡᠭᠯᠡᠯ ᠢ ᠡᠰᠡᠷᠭᠦᠴᠡᠬᠦ ᠬᠠᠤᠯᠢ︾ ︽ᠡᠮᠡᠭᠲᠡᠶᠢᠴᠦᠳ ᠤᠨ ᠡᠷᠬᠡ ᠠᠰᠢᠭ ᠢ ᠬᠠᠮᠠᠭᠠᠯᠠᠬᠤ ᠬᠠᠤᠯᠢ︾ ᠶᠢ  ᠣᠯᠠᠨ ᠲᠦᠮᠡᠨ ᠳᠤ ᠨᠠᠷᠢᠨ ᠲᠠᠶᠢᠯᠪᠤᠷᠢᠯᠠᠵᠤ᠂ ᠲᠥᠬᠦᠮ ᠣᠶᠢᠯᠠᠭᠠᠮᠵᠢᠲᠠᠶ ᠦᠭᠡ  ᠬᠡᠯᠡᠯᠭᠡ ᠪᠠᠷ  ᠦᠷᠭᠦᠯᠵᠢ ᠲᠣᠬᠢᠶᠠᠯᠳᠤᠳᠠᠭ ᠤᠷᠤᠭ ᠤᠨ ᠶᠠᠪᠤᠳᠠᠯ ᠭᠡᠷ ᠪᠦᠯᠢ ᠶᠢᠨ ᠵᠢᠭᠤᠷᠠᠯᠳᠤᠭᠠᠨ ᠪᠠ ᠡᠮᠡᠭᠲᠡᠶᠢᠴᠦᠳ ᠤᠨ ᠡᠷᠬᠡ ᠠᠰᠢᠭ ᠢ ᠬᠠᠮᠠᠭᠠᠯᠠᠬᠤ ᠬᠠᠤᠯᠢ ᠶᠢᠨ ᠮᠡᠳᠡᠯᠭᠡ ᠶᠢ ᠤᠬᠠᠭᠤᠯᠤᠨ᠂ ᠥᠷᠭᠡᠨ ᠣᠯᠠᠨ ᠡᠮᠡᠭᠲᠡᠶᠢᠴᠦᠳ ᠢ  ᠲᠣᠰ ᠪᠡᠶ᠎ᠡ ᠶᠢᠨ ᠬᠠᠤᠯᠢ ᠶᠣᠰᠣᠨ ᠤ ᠡᠷᠬᠡ ᠠᠰᠢᠭ ᠴᠢᠨᠢ ᠬᠠᠯᠳᠠᠯᠭ᠎ᠠ ᠳᠤ ᠤᠴᠠᠷᠠᠬᠤ ᠦᠶ᠎ᠡ ᠳᠤ ᠬᠠᠤᠯᠢ ᠶᠢᠨ ᠵᠡᠪᠰᠡᠭ ᠢᠶᠠᠷ ᠤᠴᠢᠵᠤ ᠬᠠᠮᠠᠭᠠᠯᠠᠬᠤ ᠬᠡᠷᠡᠭᠲᠡᠶ ᠬᠡᠵᠦ ᠤᠷᠶᠠᠯᠠᠭᠰᠠᠨ ᠪᠠᠶᠢᠨ᠎ᠠ᠃ ᠠᠵᠢᠯᠯᠠᠭᠠᠨ ᠤ ᠶᠠᠪᠤᠴᠠ ᠳᠤ ᠪᠠᠰᠠ ᠣᠯᠠᠨ ᠲᠦᠮᠡᠨ ᠳᠤ ︽ᠬᠡᠷ ᠪᠦᠯᠢ ᠶᠢᠨ ᠬᠦᠴᠦᠷᠬᠡᠭᠯᠡᠯ ᠢ ᠡᠰᠡᠷᠭᠦᠴᠡᠬᠦ ᠬᠠᠤᠯᠢ︾ ︽ᠡᠮᠡᠭᠲᠡᠶᠢᠴᠦᠳ ᠤᠨ ᠡᠷᠬᠡ ᠠᠰᠢᠭ ᠢ ᠬᠠᠮᠠᠭᠠᠯᠠᠬᠤ ᠬᠠᠤᠯᠢ︾ ᠵᠡᠷᠭᠡ ᠬᠠᠤᠯᠢ ᠲᠦᠭᠡᠮᠡᠯᠵᠢᠭᠦᠯᠬᠦ ᠤᠬᠠᠭᠤᠯᠭ᠎ᠠ ᠶᠢᠨ ᠮᠠᠲ᠋ᠧᠷᠢᠶᠠᠯ ᠢ ᠲᠠᠷᠬᠠᠭᠠᠵᠠᠢ᠃ ᠡᠨᠡ ᠤᠳᠠᠭᠠᠨ ᠤ ᠠᠵᠢᠯᠯᠠᠭ᠎ᠠ ᠨᠢ ᠡᠮᠡᠭᠲᠡᠶᠢᠴᠦᠳ ᠤᠨ ᠡᠷᠬᠡ ᠠᠰᠢᠭ ᠢᠶᠠᠨ ᠬᠠᠮᠠᠭᠠᠯᠠᠬᠤ ᠪᠠ ᠥᠪᠡᠷ ᠢ ᠪᠠᠨ ᠬᠠᠮᠠᠭᠠᠯᠠᠬᠤ ᠤᠬᠠᠮᠰᠠᠷ ᠢ ᠴᠢᠩᠭᠠᠳᠬᠠᠵᠤ᠂ ᠦᠨᠳᠦᠰᠦᠲᠡᠨ ᠨᠦᠭᠦᠳ ᠤᠨ ᠡᠮᠡᠭᠳᠡᠶᠢᠴᠤᠳ ᠤᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ ᠦᠵᠡᠯ ᠰᠠᠨᠠᠭᠠᠨ ᠤ ᠰᠠᠭᠤᠷᠢ ᠶᠢ ᠪᠠᠳᠤᠳᠬᠠᠨ᠂ ᠪᠦᠯᠬᠦᠮᠳᠡᠨ ᠲᠡᠮᠡᠴᠡᠬᠦ ᠬᠦᠴᠦᠷᠬᠡᠭ ᠶᠡᠭᠡ ᠬᠦᠴᠦᠨ ᠢ ᠨᠢᠭᠲᠠᠷᠠᠭᠤᠯᠪᠠ᠃ ᠳᠠᠷᠠᠭᠠᠴᠢ ᠪᠠᠷ᠂ ᠪᠤᠤᠴᠠᠩ ᠪᠠᠯᠭᠠᠰᠤᠨ ᠤ ᠡᠮᠡᠭᠲᠡᠶᠢᠴᠦᠳ ᠤᠨ  ᠬᠤᠯᠪᠤᠭᠠᠨ ᠤ ᠬᠢᠨ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠤᠬᠠᠭᠤᠯᠭ᠎ᠠ ᠶᠢᠨ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠡᠮᠡᠭᠲᠡᠶᠢᠴᠦᠳ ᠤᠨ ᠦᠵᠡᠵᠦ ᠰᠣᠨᠢᠷᠬᠠᠬᠤ ᠳᠤᠷᠠᠲᠠᠶ᠂ ᠭᠥᠯᠢᠶᠡᠨ ᠠᠪᠬᠤ ᠳᠤ ᠠᠮᠠᠷᠬᠠᠨ ᠣᠯᠠᠨ ᠵᠦᠢᠯ ᠤᠨ ᠠᠷᠭ᠎ᠠ ᠬᠡᠯᠪᠡᠷᠢ ᠪᠠᠷ ᠤᠬᠠᠭᠤᠯᠭ᠎ᠠ ᠶᠢᠨ ᠠᠵᠢᠯᠯᠠᠭ᠎ᠠ ᠶᠢ ᠦᠷᠨᠢᠬᠦᠯᠦᠨ᠂ ᠡᠮᠡᠭᠳᠡᠶᠢᠴᠤᠳ ᠤᠨ ᠬᠠᠤᠯᠢ ᠰᠤᠷᠴᠤ ᠬᠠᠤᠯᠢ ᠰᠠᠬᠢᠵᠤ ᠬᠠᠤᠯᠢ ᠭᠡᠷᠡᠭᠯᠡᠬᠦ ᠤᠬᠠᠮᠰᠠᠷ ᠪᠠ ᠴᠢᠳᠠᠪᠤᠷᠢ ᠶᠢ ᠲᠡᠭᠡᠭᠰᠢᠯᠡᠬᠦᠯᠵᠦ᠂ ᠦᠷᠭᠡᠨ ᠤᠯᠠᠨ ᠡᠮᠡᠭᠲᠡᠶᠢᠴᠦᠳ ᠤᠨ ᠠᠮᠤᠷ ᠲᠦᠪᠰᠢᠨ ᠤ ᠲᠥᠷᠥᠭᠳᠡᠯ᠂  ᠤᠯᠤᠯᠳᠠ ᠬᠦᠷᠲᠡᠮᠵᠢ ᠶᠢᠨ ᠲᠥᠷᠥᠭᠳᠡᠯ᠂ ᠠᠵᠠ ᠵᠢᠷᠭᠠᠯ  ᠤᠨ ᠲᠥᠷᠥᠭᠳᠡᠯ ᠢ ᠲᠠᠰᠤᠷᠠᠯᠲᠠ ᠥᠬᠡᠶ ᠨᠡᠮᠡᠭᠳᠡᠬᠦᠯᠬᠦ ᠪᠠᠷ ᠪᠠᠶᠢᠨ᠎ᠠ᠃  
 
ᠢᠷᠡᠯᠲᠡ᠄ ᠪᠤᠤᠴᠠᠩ ᠪᠠᠯᠭᠠᠰᠤᠨ  ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号