ᠲᠠᠶᠢᠹᠤᠰᠧ ᠬᠤᠰᠢᠭᠤᠨ ᠤ ᠨᠢᠭᠡᠳᠦᠭᠡᠷ ᠤᠯᠠᠷᠢᠯ ᠤᠨ ᠠᠵᠤ ᠠᠬᠤᠢ ᠶᠢᠨ ᠪᠠᠶᠢᠳᠠᠯ ᠰᠠᠶᠢᠨ ᠡᠬᠢᠯᠡᠯᠲᠡ ᠲᠠᠢ ᠪᠠᠶᠢᠭ᠎ᠠ
ᠨᠡᠶᠢᠲᠡᠯᠡᠭᠰᠡᠨ ᠴᠠᠭ᠄
2025/4/29
   ᠨᠢᠭᠡᠳᠦᠭᠡᠷ ᠤᠯᠠᠷᠢᠯ ᠳᠤ᠂ ᠪᠥᠬᠦ ᠬᠤᠰᠢᠭᠤᠨ ᠤ ᠳᠡᠭᠡᠳᠦ ᠳᠣᠤᠷᠠᠳᠤ ᠱᠠᠲᠤᠨ ᠤ ᠬᠢᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠤᠯᠭᠠᠨ᠂ ᠥᠪᠡᠷᠲᠡᠭᠡᠨ ᠵᠠᠰᠠᠬᠤ ᠣᠷᠣᠨ ᠪᠠ ᠠᠶᠢᠮᠠᠭ ᠤᠨ ᠨᠠᠮ ᠤᠨ ᠬᠤᠷᠢᠶ᠎ᠠ᠂ ᠠᠶᠢᠮᠠᠭ ᠤᠨ ᠵᠠᠬᠢᠷᠭ᠎ᠠ ᠶᠢᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠶ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠪᠠᠲᠤ ᠴᠢᠩᠭ᠎ᠠ ᠤᠳᠤᠷᠢᠳᠤᠯᠭ᠎ᠠ ᠳᠣᠤᠷ᠎ᠠ᠂ ᠲᠣᠭᠲᠠᠭᠤᠨ ᠤ ᠳᠤᠮᠳᠠ ᠤᠷᠤᠭᠰᠢᠯᠠᠨ ᠳᠠᠪᠰᠢᠬᠤ ᠠᠵᠢᠯ ᠤᠨ ᠶᠡᠷᠦᠩᠬᠡᠶ ᠬᠥᠭ ᠠᠶᠠᠰ ᠢ ᠪᠠᠷᠢᠮᠲᠠᠯᠠᠨ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠪᠦᠲᠦᠨ ᠵᠦᠪ ᠣᠨᠣᠪᠴᠢᠲᠠᠶ ᠪᠥᠬᠦ ᠲᠠᠯ᠎ᠠ ᠪᠠᠷ ᠲᠤᠤᠱᠯᠠᠭᠤᠯᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠲᠦᠷᠭᠡᠳᠬᠡᠨ ᠪᠠᠶᠢᠭᠤᠯᠵᠤ᠂ ᠴᠢᠨᠠᠷ ᠰᠠᠶᠢᠲᠠᠶ ᠬᠥᠭᠵᠢᠯᠲᠡ ᠶᠢ ᠯᠠᠪᠳᠠᠭᠤᠨ ᠪᠠᠲᠤᠲᠠᠶ  ᠠᠬᠢᠭᠤᠯᠤᠨ᠂ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ ᠬᠤᠶᠠᠷ ᠶᠡᠭᠡ ᠶᠠᠪᠤᠳᠠᠯ ᠢ ᠰᠠᠶᠢᠲᠤᠷ ᠬᠢᠭᠰᠡᠨ ᠢᠶᠠᠷ᠂ ᠠᠵᠤ ᠠᠬᠤᠶ ᠶᠢᠨ ᠨᠡᠮᠡᠭᠳᠡᠯ ᠤᠨ ᠰᠠᠭᠤᠷᠢ ᠦᠷᠭᠦᠯᠵᠢᠯᠡᠨ ᠪᠠᠬᠢᠵᠢᠵᠦ᠂ ᠪᠦᠲᠦᠴᠡ ᠦᠷᠭᠦᠯᠵᠢᠯᠡᠨ ᠰᠢᠯᠢᠳᠡᠭᠵᠢᠵᠦ᠂ ᠶᠠᠰᠤ ᠴᠢᠨᠠᠷ ᠪᠠ ᠦᠷ᠎ᠡ ᠪᠦᠲᠦᠮᠵᠢ ᠦᠷᠭᠦᠯᠵᠢᠯᠡᠨ ᠲᠡᠭᠡᠭᠰᠢᠯᠡᠭᠡᠳ᠂ ᠪᠥᠬᠦ ᠬᠤᠰᠢᠭᠤᠨ ᠤ ᠠᠵᠤ ᠠᠬᠤᠶ ᠥᠨᠳᠥᠷ ᠭᠠᠷᠤᠭ᠎ᠠ ᠰᠠᠶᠢᠨ ᠡᠬᠢᠯᠡᠯᠲᠡ ᠶᠢ ᠪᠡᠶᠡᠯᠡᠬᠦᠯᠵᠡᠢ᠃ ᠬᠤᠰᠢᠭᠤ ᠰᠢᠶᠠᠨ ᠤ ᠦᠢᠯᠡᠳᠪᠦᠷᠢᠯᠡᠯ ᠤᠨ ᠶᠡᠷᠦᠩᠬᠡᠶ ᠥᠷᠲᠡᠭ ᠤᠨ ᠨᠢᠭᠡᠳᠦᠯᠲᠡᠶ ᠲᠣᠭᠠᠴᠠᠭ᠎ᠠ ᠬᠢᠭᠰᠡᠨ ᠦᠷ᠎ᠡ ᠳ᠋ᠦᠩ ᠢ ᠦᠨᠳᠦᠰᠦᠯᠡᠪᠡᠯ᠂ ᠨᠢᠭᠡᠳᠦᠭᠡᠷ ᠤᠯᠠᠷᠢᠯ ᠳᠤ ᠪᠥᠬᠦ ᠬᠤᠰᠢᠭᠤᠨ ᠤ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠶ ᠥᠷᠲᠡᠭ 11.31 ᠳ᠋ᠦᠩᠰᠢᠭᠤᠷ ᠲᠥᠭᠦᠷᠢᠭ ᠲᠤ ᠬᠦᠷᠴᠦ   ᠦᠯᠦ ᠬᠤᠪᠢᠰᠬᠤ ᠦᠨ᠎ᠡ ᠪᠠᠷ ᠪᠤᠳᠤᠪᠠᠯ ᠠᠳᠠᠯᠢ ᠬᠤᠭᠤᠴᠠᠭᠠᠨ ᠤ ᠬᠢ ᠠᠴᠠ 6.2% ᠪᠠᠷ ᠨᠡᠮᠡᠭᠳᠡᠪᠡ᠃ ᠠᠵᠤ ᠦᠢᠯᠡᠰ ᠢᠶᠠᠷ ᠬᠤᠪᠢᠶᠠᠵᠤ ᠦᠵᠡᠪᠡᠯ᠂ ᠨᠢᠭᠡᠳᠦᠭᠡᠷ ᠠᠵᠤ ᠦᠢᠯᠡᠰ ᠤᠨ ᠨᠡᠮᠡᠭᠳᠡᠯ ᠥᠷᠲᠡᠭ 0.34 ᠳ᠋ᠦᠩᠰᠢᠭᠤᠷ ᠲᠥᠭᠦᠷᠢᠭ ᠲᠤ ᠬᠦᠷᠴᠦ ᠠᠳᠠᠯᠢ ᠬᠤᠭᠤᠴᠠᠭᠠᠨ ᠤ ᠬᠢ ᠠᠴᠠ 5.6 % ᠪᠠᠷ ᠨᠡᠮᠡᠭᠳᠡᠨ᠂ ᠬᠤᠶᠠᠳᠤᠭᠠᠷ ᠠᠵᠤ ᠦᠢᠯᠡᠰ ᠤᠨ ᠨᠡᠮᠡᠭᠳᠡᠯ ᠥᠷᠲᠡᠭ 3.68 ᠳ᠋ᠦᠩᠰᠢᠭᠤᠷ ᠲᠥᠭᠦᠷᠢᠭ ᠲᠤ ᠬᠦᠷᠴᠦ 15.0% ᠪᠠᠷ ᠨᠡᠮᠡᠭᠳᠡᠨ᠂ ᠭᠤᠷᠪᠠᠳᠤᠭᠠᠷ ᠠᠵᠤ ᠦᠢᠯᠡᠰ ᠤᠨ ᠨᠡᠮᠡᠭᠳᠡᠯ ᠥᠷᠲᠡᠭ 7.29 ᠳ᠋ᠦᠩᠰᠢᠭᠤᠷ ᠲᠥᠭᠦᠷᠢᠭ ᠲᠤ ᠬᠦᠷᠴᠦ 2.6% ᠪᠠᠷ ᠨᠡᠮᠡᠭᠳᠡᠵᠡᠢ᠃
 
ᠢᠷᠡᠯᠲᠡ᠄ ᠲᠠᠶᠢᠹᠤᠰᠧ ᠬᠤᠰᠢᠭᠤᠨ ᠤ ᠲᠤᠭ᠎ᠠ ᠪᠦᠷᠢᠳᠬᠡᠯ ᠤᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号