ᠲᠠᠷᠢᠶᠠᠯᠠᠩ ᠮᠠᠯ ᠠᠵᠤ ᠠᠬᠤᠶ ᠶᠢᠨ ᠦᠢᠯᠡᠳᠪᠦᠷᠢᠯᠡᠯ ᠲᠣᠭᠲᠠᠭᠤᠨ ᠢᠶᠠᠷ ᠬᠦᠭᠵᠢᠭᠰᠡᠨ | ᠨᠢᠭᠡᠳᠦᠭᠡᠷ ᠤᠯᠠᠷᠢᠯ ᠳᠤ᠂ ᠪᠥᠬᠦ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠣᠶ ᠰᠢᠭᠤᠶ ᠵᠢᠭᠠᠰᠤᠨ ᠤ | ᠦᠢᠯᠡᠰ ᠤᠨ ᠦᠢᠯᠡᠳᠪᠦᠷᠢᠯᠡᠯ ᠤᠨ ᠥᠷᠲᠡᠭ 1.09 ᠳ᠋ᠦᠩᠰᠢᠭᠤᠷ ᠲᠥᠭᠦᠷᠢᠭ ᠲᠤ ᠬᠦᠷᠴᠦ ᠠᠳᠠᠯᠢ | ᠬᠤᠭᠤᠴᠠᠭᠠᠨ ᠤ ᠬᠢ ᠠᠴᠠ 5.5% ︵ᠠᠳᠠᠯᠢᠳᠬᠠᠵᠤ ᠪᠣᠯᠬᠤ ᠦᠨ᠎ᠡ︶ ᠪᠠᠷ ᠨᠡᠮᠡᠭᠳᠡᠪᠡ᠃ ᠡᠨᠡ ᠵᠢᠯ ᠤᠨ | ᠬᠠᠪᠤᠷ ᠤᠷᠤᠭᠰᠠᠨ ᠠᠴᠠ ᠨᠠᠰᠢ᠂ ᠴᠠᠭ ᠠᠭᠤᠷ ᠤᠨ ᠨᠥᠬᠦᠴᠡᠯ ᠶᠡᠷᠦᠩᠬᠡᠶ ᠳᠡᠭᠡᠨ ᠲᠠᠷᠢᠶᠠᠯᠠᠩ ᠤᠨ | ᠦᠢᠯᠡᠳᠪᠦᠷᠢᠯᠡᠯ ᠳᠤ ᠠᠰᠢᠭᠲᠠᠶ ᠪᠠᠶᠢᠵᠤ᠂ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠠᠵᠢᠯ ᠤᠷᠤᠭᠰᠢᠲᠠᠶ | ᠶᠠᠪᠤᠭᠳᠠᠨ᠂ ᠮᠠᠯ ᠠᠵᠤ ᠠᠬᠤᠶ ᠲᠡᠵᠢᠭᠡᠨ ᠦᠷᠡᠵᠢᠭᠦᠯᠬᠦ ᠦᠢᠯᠡᠰ ᠡᠮᠬᠢ ᠵᠢᠷᠤᠮ ᠲᠠᠢ ᠬᠥᠭᠵᠢᠵᠦ᠂ ᠪᠥᠬᠦ | ᠬᠤᠰᠢᠭᠤᠨ ᠤ ᠬᠠᠪᠤᠷ ᠤᠨ ᠤᠯᠠᠷᠢᠯ ᠤᠨ ᠲᠠᠷᠢᠶᠠᠯᠠᠩ ᠮᠠᠯ ᠠᠵᠤ ᠠᠬᠤᠶ ᠶᠢᠨ ᠦᠢᠯᠡᠳᠪᠦᠷᠢᠯᠡᠯ ᠰᠠᠶᠢᠨ | ᠡᠬᠢᠯᠡᠯᠲᠡ ᠲᠠᠢ ᠪᠠᠶᠢᠭ᠎ᠠ᠃ |