ᠠᠵᠤ ᠦᠢᠯᠡᠳᠪᠦᠷᠢ ᠶᠢᠨ ᠦᠢᠯᠡᠳᠪᠦᠷᠢᠯᠡᠯ ᠦᠨᠳᠦᠷ ᠪᠠᠶᠢᠷᠢᠰᠢᠯ ᠢᠶᠠᠷ ᠶᠠᠪᠤᠭᠳᠠᠭᠰᠠᠨ | ᠨᠢᠭᠡᠳᠦᠭᠡᠷ ᠤᠯᠠᠷᠢᠯ ᠳᠤ᠂ ᠪᠥᠬᠦ ᠬᠤᠰᠢᠭᠤᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ | ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 23.9% ᠪᠠᠷ ᠨᠡᠮᠡᠭᠳᠡᠵᠦ᠂ ᠳᠡᠭᠡᠷ᠎ᠡ ᠵᠢᠯ ᠤᠨ ᠪᠥᠬᠦ | ᠵᠢᠯ ᠤᠨ ᠬᠢ ᠠᠴᠠ 14.7 ᠵᠠᠭᠤᠨ ᠤ ᠬᠤᠪᠢ ᠶᠢᠨ ᠴᠡᠭ ᠲᠦᠷᠭᠡᠰᠦᠭᠰᠡᠨ ᠪᠠᠶᠢᠨ᠎ᠠ᠃ ᠠᠵᠤ ᠠᠬᠤᠢ ᠶᠢᠨ ᠲᠦᠷᠦᠯ | ᠬᠡᠯᠪᠡᠷᠢ ᠪᠠᠷ ᠦᠵᠡᠪᠡᠯ᠂ ᠬᠦᠨᠳᠦ ᠠᠵᠤ ᠦᠢᠯᠡᠳᠪᠦᠷᠢ ᠶᠢᠨ ᠦᠢᠯᠡᠳᠬᠦᠨ ᠤ ᠦᠷᠳᠡᠭ 23.8% ᠪᠠᠷ ᠨᠡᠮᠡᠭᠳᠡᠵᠦ᠂ | ᠬᠦᠩᠭᠡᠨ ᠠᠵᠤ ᠦᠢᠯᠡᠳᠪᠦᠷᠢ ᠶᠢᠨ ᠦᠢᠯᠡᠳᠬᠦᠨ ᠤ ᠦᠷᠳᠡᠭ 76.2% ᠢᠶᠠᠷ ᠨᠡᠮᠡᠭᠳᠡᠨ᠂ ᠬᠤᠪᠢᠴᠠᠭᠠᠳᠤ | ᠲᠦᠷᠢᠮ ᠤᠨ ᠠᠵᠤ ᠠᠬᠤᠶᠢᠯᠠᠯ ᠤᠨ ᠦᠢᠯᠡᠳᠬᠦᠨ ᠤ ᠦᠷᠳᠡᠭ 44.6% ᠪᠠᠷ ᠨᠡᠮᠡᠭᠳᠡᠵᠦ᠂ ᠭᠠᠳᠠᠭᠠᠳᠤ ᠶᠢᠨ | ᠠᠷᠠᠯᠵᠢᠶᠠᠴᠢᠨ ᠵᠢᠴᠢ ᠰᠢᠶᠠᠩᠭᠠᠩ ᠣᠣᠮᠧᠨ ᠲᠠᠶᠢᠸᠠᠨ ᠤ ᠪᠡᠯᠡ ᠣᠷᠣᠭᠤᠯᠤᠭᠰᠠᠨ ᠠᠵᠤ ᠠᠬᠤᠶᠢᠯᠠᠯ ᠤᠨ | ᠦᠢᠯᠡᠳᠬᠦᠨ ᠤ ᠦᠷᠳᠡᠭ 14.3% ᠪᠠᠷ ᠨᠡᠮᠡᠭᠳᠡᠨ᠂ ᠤᠯᠤᠰ ᠤᠨ ᠦᠮᠴᠢᠯᠡᠯᠳᠦ ᠬᠤᠪᠢ ᠡᠵᠡᠮᠳᠡᠭᠰᠡᠨ ᠠᠵᠤ | ᠠᠬᠤᠶᠢᠯᠠᠯ ᠤᠨ ᠦᠢᠯᠡᠳᠬᠦᠨ ᠤ ᠦᠷᠳᠡᠭ 17.6% ᠪᠠᠷ ᠨᠡᠮᠡᠭᠳᠡᠪᠡ᠃ ᠦᠢᠯᠡᠳᠬᠦᠨ ᠢᠶᠠᠷ ᠬᠤᠪᠢᠶᠠᠵᠤ ᠦᠵᠡᠪᠡᠯ᠂ | ᠮᠠᠯ ᠤᠨ ᠡᠮ ᠤᠨ ᠵᠦᠢᠯ ᠤᠨ ᠭᠠᠷᠤᠯᠲᠠ ᠠᠳᠠᠯᠢ ᠬᠤᠭᠤᠴᠠᠭᠠᠨ ᠤ ᠬᠢ ᠠᠴᠠ 6.9% ᠪᠠᠷ ᠪᠠᠭᠤᠷᠠᠵᠤ᠂ ᠰᠦᠯᠢᠶᠣᠣ | ᠪᠦᠲᠦᠭᠡᠭᠳᠡᠬᠦᠨ ᠤ ᠭᠠᠷᠤᠯᠲᠠ 31.0% ᠪᠠᠷ ᠪᠠᠭᠤᠷᠠᠵᠤ᠂ ᠪᠠᠯ ᠴᠢᠯᠠᠭᠤ ᠵᠢᠴᠢ ᠨᠡᠭᠦᠷᠡᠰᠦᠲᠥ᠋ᠷᠥᠭᠴᠢ ᠶᠢᠨ | ᠪᠦᠲᠦᠭᠡᠭᠳᠡᠬᠦᠨ ᠤ ᠭᠠᠷᠤᠯᠲᠠ 16.5% ᠪᠠᠷ ᠪᠠᠭᠤᠷᠠᠵᠤ᠂ ᠨᠠᠷᠢᠯᠢᠭ ᠡᠳᠡᠰᠢᠬᠦᠯᠦᠭᠰᠡᠨ ᠤᠷᠭᠤᠮᠠᠯ ᠤᠨ ᠲᠣᠰᠣᠨ ᠤ | ᠭᠠᠷᠤᠯᠲᠠ 6.0% ᠪᠠᠷ ᠨᠡᠮᠡᠭᠳᠡᠨ᠂ ᠲᠡᠵᠢᠭᠡᠯ ᠪᠣᠷᠳᠣᠭᠠᠨ ᠤ ᠭᠠᠷᠤᠯᠲᠠ 33.8% ᠪᠠᠷ ᠪᠠᠭᠤᠷᠠᠵᠤ᠂ ᠠᠷᠢᠬᠢ | ᠤᠮᠳᠠᠭᠠᠨ ᠤ ᠭᠠᠷᠤᠯᠲᠠ 16.5% ᠪᠠᠷ ᠪᠠᠭᠤᠷᠠᠵᠤ᠂ ᠬᠠᠷ᠎ᠠ ᠲᠤᠭᠤᠯᠭ᠎ᠠ ᠶᠢᠨ ᠭᠠᠷᠤᠯᠲᠠ 214.2% ᠪᠠᠷ | ᠨᠡᠮᠡᠭᠳᠡᠨ᠂ ᠴᠠᠶᠢᠷ ᠤᠨ ᠭᠠᠷᠤᠯᠲᠠ 324.5% ᠪᠠᠷ ᠨᠡᠮᠡᠭᠳᠡᠵᠦ᠂ ᠴᠠᠬᠢᠯᠭᠠᠨ ᠳᠡᠭᠡᠰᠦ ᠶᠢᠨ ᠭᠠᠷᠤᠯᠲᠠ 144. | 1% ᠪᠠᠷ ᠨᠡᠮᠡᠭᠳᠡᠪᠡ᠃ ᠠᠵᠤ ᠠᠬᠤᠶᠢᠯᠠᠯ ᠤᠨ ᠠᠵᠤ ᠠᠬᠤᠶ ᠶᠢᠨ ᠦᠷ᠎ᠡ ᠠᠰᠢᠭ ᠤᠨ ᠪᠠᠶᠢᠳᠠᠯ ᠠᠴᠠ ᠦᠵᠡᠪᠡᠯ᠂ | ᠨᠢᠭᠡᠳᠦᠭᠡᠷ ᠤᠯᠠᠷᠢᠯ ᠳᠤ ᠪᠥᠬᠦ ᠬᠤᠰᠢᠭᠤᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠶ᠋ᠯᠡᠳᠪᠦᠷᠢ ᠶᠢᠨ ᠠᠵᠤ | ᠠᠬᠤᠶᠢᠯᠠᠯ ᠨᠢ ᠡᠵᠡᠩᠨᠡᠯᠲᠡ ᠶᠢᠨ ᠣᠷᠣᠯᠭ᠎ᠠ 9.4 ᠳ᠋ᠦᠩᠰᠢᠭᠤᠷ ᠲᠥᠭᠦᠷᠢᠭ ᠢ ᠪᠡᠶᠡᠯᠡᠭᠦᠯᠵᠦ ᠠᠳᠠᠯᠢ | ᠬᠤᠭᠤᠴᠠᠭᠠᠨ ᠤ ᠬᠢ ᠠᠴᠠ 14.8% ᠪᠠᠷ ᠨᠡᠮᠡᠭᠳᠡᠨ᠂ ᠪᠡᠶᠡᠯᠡᠭᠦᠯᠦᠭᠰᠡᠨ ᠠᠰᠢᠭ ᠬᠤᠨᠵᠢᠪᠣᠷᠢ ᠶᠢᠨ ᠶᠡᠷᠦᠩᠬᠡᠶ | ᠲᠤᠭ᠎ᠠ 2.93 ᠳ᠋ᠦᠩᠰᠢᠭᠤᠷ ᠲᠥᠭᠦᠷᠢᠭ ᠲᠤ ᠬᠦᠷᠴᠦ ᠠᠳᠠᠯᠢ ᠬᠤᠭᠤᠴᠠᠭᠠᠨ ᠤ ᠬᠢ ᠠᠴᠠ 10.4% ᠪᠠᠷ | ᠨᠡᠮᠡᠭᠳᠡᠪᠡ᠃ |