ᠨᠢᠭᠡᠳᠦᠭᠡᠷ ᠤᠯᠠᠷᠢᠯ ᠤᠨ ᠠᠵᠤ ᠠᠬᠤᠢ ᠶᠢᠨ ᠪᠠᠶᠢᠳᠠᠯ ᠤᠨ ᠲᠤᠭ᠎ᠠ ᠪᠠᠷᠢᠮᠳᠠ —  ᠲᠦᠷᠪᠡ
ᠨᠡᠶᠢᠲᠡᠯᠡᠭᠰᠡᠨ ᠴᠠᠭ᠄
2025/4/29
    ᠬᠡᠷᠡᠭᠯᠡᠭᠡᠨ ᠤ ᠵᠠᠬ᠎ᠠ ᠳᠡᠯᠭᠡᠭᠦᠷ ᠲᠣᠭᠲᠠᠭᠤᠨ ᠢᠶᠠᠷ ᠰᠠᠶᠢᠵᠢᠷᠠᠭᠰᠠᠨ     ᠨᠢᠭᠡᠳᠦᠭᠡᠷ ᠤᠯᠠᠷᠢᠯ ᠳᠤ᠂ ᠪᠥᠬᠦ ᠬᠤᠰᠢᠭᠤᠨ ᠤ ᠨᠡᠶᠢᠭᠡᠮ ᠤᠨ ᠬᠡᠷᠡᠭᠯᠡᠭᠡᠨ ᠤ ᠪᠤᠳᠠᠰ ᠤᠨ ᠵᠢᠵᠢᠭᠯᠡᠨ ᠬᠤᠳᠠᠯᠳᠤᠭᠰᠠᠨ ᠶᠡᠷᠦᠩᠬᠡᠢ ᠬᠡᠮᠵᠢᠶ᠎ᠡ 2.13 ᠳ᠋ᠦᠩᠰᠢᠭᠤᠷ ᠲᠥᠭᠦᠷᠢᠭ ᠲᠤ ᠬᠦᠷᠴᠦ ᠠᠳᠠᠯᠢ ᠬᠤᠭᠤᠴᠠᠭᠠᠨ ᠤ ᠬᠢ ᠠᠴᠠ 3.4 % ᠪᠠᠷ ᠨᠡᠮᠡᠭᠳᠡᠨ᠂ ᠨᠢᠳᠤᠨᠤᠨ ᠤ ᠪᠥᠬᠦ ᠵᠢᠯ ᠤᠨ ᠬᠢ ᠠᠴᠠ 2.1 ᠵᠠᠭᠤᠨ ᠤ ᠬᠤᠪᠢ ᠶᠢᠨ  ᠴᠡᠭ ᠲᠦᠷᠭᠡᠰᠴᠡᠢ᠃ ᠡᠵᠡᠩᠨᠡᠯᠲᠡ ᠶᠢᠨ ᠨᠢᠬᠡᠴᠡ ᠶᠢᠨ ᠪᠠᠶᠢᠭ᠎ᠠ ᠭᠠᠵᠠᠷ ᠢᠶᠠᠷ ᠨᠢ ᠬᠤᠪᠢᠶᠠᠪᠠᠯ᠂ ᠬᠤᠲᠠ ᠪᠠᠯᠭᠠᠰᠤᠨ ᠤ ᠬᠡᠷᠡᠭᠯᠡᠭᠡᠨ ᠤ  ᠪᠤᠳᠠᠰ ᠤᠨ ᠵᠢᠵᠢᠭᠯᠡᠨ ᠬᠤᠳᠠᠯᠳᠤᠭᠰᠠᠨ ᠬᠡᠮᠵᠢᠶ᠎ᠡ 1.90 ᠳ᠋ᠦᠩᠰᠢᠭᠤᠷ ᠲᠥᠭᠦᠷᠢᠭ ᠲᠤ ᠬᠦᠷᠴᠦ 3.4% ᠪᠠᠷ ᠨᠡᠮᠡᠭᠳᠡᠨ᠂ ᠮᠠᠯᠵᠢᠬᠤ ᠲᠠᠷᠢᠶᠠᠯᠠᠬᠤ ᠣᠷᠣᠨ ᠤ ᠬᠡᠷᠡᠭᠯᠡᠭᠡᠨ ᠤ ᠪᠤᠳᠠᠰ ᠤᠨ ᠵᠢᠵᠢᠭᠯᠡᠨ ᠬᠤᠳᠠᠯᠳᠤᠭᠰᠠᠨ ᠬᠡᠮᠵᠢᠶ᠎ᠡ 0.23 ᠳ᠋ᠦᠩᠰᠢᠭᠤᠷ ᠲᠥᠭᠦᠷᠢᠭ ᠲᠤ ᠬᠦᠷᠴᠦ᠂ 3.9% ᠪᠠᠷ ᠨᠡᠮᠡᠭᠳᠡᠪᠡ᠃ ᠬᠡᠷᠡᠭᠯᠡᠭᠡᠨ ᠤ ᠲᠥᠷᠥᠯ ᠢᠶᠠᠷ ᠨᠢ ᠬᠤᠪᠢᠶᠠᠪᠠᠯ᠂ ᠲᠠᠸᠠᠷ ᠤᠨ ᠵᠢᠵᠢᠭᠯᠡᠨ ᠬᠤᠳᠠᠯᠳᠤᠭᠰᠠᠨ ᠬᠡᠮᠵᠢᠶ᠎ᠡ 1.87 ᠳ᠋ᠦᠩᠰᠢᠭᠤᠷ ᠲᠥᠭᠦᠷᠢᠭ ᠲᠤ ᠬᠦᠷᠴᠦ 3.8% ᠪᠠᠷ  ᠨᠡᠮᠡᠭᠳᠡᠨ᠂ ᠢᠳᠡᠭᠡᠨ ᠤᠮᠳᠠᠭᠠᠨ ᠤ ᠣᠷᠣᠯᠭ᠎ᠠ 0.26 ᠳ᠋ᠦᠩᠰᠢᠭᠤᠷ ᠲᠥᠭᠦᠷᠢᠭ ᠲᠤ ᠬᠦᠷᠴᠦ᠂ 1.0% ᠪᠠᠷ ᠨᠡᠮᠡᠭᠳᠡᠪᠡ᠃ ᠦᠨᠳᠦᠰᠦᠨ ᠠᠮᠢᠳᠤᠷᠠᠯ ᠤᠨ ᠪᠠᠳᠤᠯᠠᠭᠠᠨ ᠤ ᠲᠥᠷᠥᠯ ᠤᠨ ᠲᠠᠸᠠᠷ ᠤᠨ ᠨᠡᠮᠡᠭᠳᠡᠯ ᠤᠨ ᠪᠠᠶᠢᠳᠠᠯ ᠰᠠᠶᠢᠨ ᠪᠠᠶᠢᠵᠤ᠂ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠠᠮᠤ ᠲᠣᠰᠣ ᠢᠳᠡᠭᠡᠨ ᠤ ᠵᠦᠢᠯ᠂ ᠬᠡᠷ ᠤᠨ ᠴᠠᠬᠢᠯᠭᠠᠨ ᠬᠡᠷᠡᠭᠰᠡᠯ ᠵᠡᠷᠭᠡ ᠲᠠᠸᠠᠷ ᠤᠨ ᠵᠢᠵᠢᠭᠯᠡᠨ ᠬᠤᠳᠠᠯᠳᠤᠭᠰᠠᠨ ᠬᠡᠮᠵᠢᠶ᠎ᠡ ᠲᠤᠰᠪᠤᠷᠢ 38.8%᠂ 12.0% ᠪᠠᠷ ᠨᠡᠮᠡᠭᠳᠡᠪᠡ᠃
 
ᠢᠷᠡᠯᠲᠡ᠄ ᠲᠠᠶᠢᠹᠤᠰᠧ ᠬᠤᠰᠢᠭᠤᠨ ᠤ ᠲᠤᠭ᠎ᠠ ᠪᠦᠷᠢᠳᠬᠡᠯ ᠤᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号