ᠨᠡᠶᠢᠭᠡᠮ ᠵᠢᠷᠤᠮ ᠤᠨ ᠬᠠᠤᠯᠢ ᠪᠠᠷ ᠵᠠᠰᠠᠬᠤ ᠵᠣᠷᠢᠭ ᠰᠠᠨᠠᠭ᠎ᠠ ᠶᠢ ᠪᠠᠳᠠᠷᠠᠭᠤᠯᠵᠤ᠂ ᠬᠠᠤᠯᠢ ᠪᠠᠷ ᠵᠠᠰᠠᠬᠤ ᠰᠣᠶᠣᠯ ᠢ | ︽ᠦᠨᠳᠦᠰᠦᠨ ᠱᠠᠲᠤᠨ ᠳᠤ ᠣᠶᠢᠷᠠᠲᠤᠭᠤᠯᠬᠤ︾ ︽ᠠᠷᠠᠳ ᠤᠨ ᠰᠡᠳᠬᠢᠯ ᠳᠤ ᠬᠠᠳᠠᠩᠰᠢᠭᠤᠯᠬᠤ︾ ᠶᠢ | ᠠᠬᠢᠭᠤᠯᠬᠤ ᠶᠢᠨ ᠲᠥᠯᠥᠭᠡ ᠂ ᠤᠶᠢᠷ᠎ᠠ ᠳᠤ ᠲᠠᠶᠢᠹᠤᠰᠧ ᠬᠤᠰᠢᠭᠤ ᠨᠢ ᠤᠯᠤᠰ ᠲᠥᠷᠥ ᠬᠠᠤᠯᠢ ᠴᠠᠭᠠᠵᠠ ᠶᠢᠨ | ᠵᠠᠯᠠᠭᠤ ᠺᠠᠳ᠋ᠷ ᠴᠠᠭᠳᠠᠭ᠎ᠠ ᠪᠠ ᠰᠠᠶᠢᠨ ᠲᠤᠷᠠᠳᠠᠳ ᠢ ᠵᠣᠬᠢᠶᠠᠨ ᠪᠠᠶᠢᠭᠤᠯᠵᠤ᠂ ᠦᠨᠳᠦᠰᠦᠨ ᠱᠠᠲᠤᠨ ᠳᠤ | ᠬᠦᠨᠵᠡᠬᠡᠶᠢᠷᠡᠨ ᠬᠠᠤᠯᠢ ᠲᠦᠭᠡᠮᠡᠯᠵᠢᠭᠦᠯᠬᠦ ᠠᠵᠢᠯᠯᠠᠭ᠎ᠠ ᠥᠷᠨᠢᠭᠦᠯᠪᠡ᠃ ᠠᠵᠢᠯᠯᠠᠭᠠᠨ ᠤ ᠳᠤᠮᠳᠠ᠂ | ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠬᠤ ᠵᠡᠷᠭᠡ ᠣᠯᠠᠨ ᠵᠦᠢᠯ ᠤᠨ ᠠᠷᠭ᠎ᠠ ᠬᠡᠯᠪᠡᠷᠢ ᠪᠠᠷ ᠬᠤᠰᠢᠭᠤᠨ ᠤ | ᠶᠡᠷᠦᠩᠬᠡᠶᠢᠯᠡᠨ ᠵᠠᠰᠠᠬᠤ ᠲᠥᠪ ᠤᠨ ᠡᠭᠦᠷᠭᠡ ᠴᠢᠳᠠᠪᠬᠢ ᠶᠢ ᠤᠬᠠᠭᠤᠯᠤᠨ ᠲᠠᠨᠢᠭᠤᠯᠬᠤ ᠶᠢᠨ ᠬᠠᠮᠲᠤ᠂ ᠬᠡᠷᠡᠭ ᠤᠨ | ᠵᠢᠱᠢᠶ᠎ᠡ ᠲᠠᠢ ᠤᠶᠠᠯᠳᠤᠭᠤᠯᠤᠨ ᠣᠯᠠᠨ ᠲᠦᠮᠡᠨ ᠳᠤ ᠭᠠᠵᠢᠭᠤ ᠨᠣᠮᠯᠠᠯ ᠢ ᠰᠡᠷᠭᠡᠶᠢᠯᠡᠬᠦ ᠵᠡᠷᠭᠡ ᠬᠠᠮᠢᠶ᠎ᠠ ᠪᠥᠬᠦᠶ | ᠮᠡᠳᠡᠯᠭᠡ ᠶᠢ ᠲᠠᠶᠢᠯᠪᠤᠷᠢᠯᠠᠨ᠂ ᠣᠯᠠᠨ ᠲᠦᠮᠡᠨ ᠤ ᠠᠰᠠᠭᠤᠭᠰᠠᠨ ᠬᠠᠤᠯᠢ ᠶᠢᠨ ᠬᠠᠮᠢᠶ᠋ᠳᠠᠢ ᠠᠰᠠᠭᠤᠯᠳᠠ ᠳᠤ | ᠬᠦᠯᠢᠴᠡᠩᠭᠦᠶ ᠪᠠᠷ ᠬᠠᠷᠢᠭᠤᠯᠲᠠ ᠥᠭᠴᠦ᠂ ᠬᠠᠤᠯᠢ ᠴᠠᠭᠠᠵᠠ ᠶᠢᠨ ᠰᠠᠨᠠᠭᠤᠯᠭ᠎ᠠ ᠬᠠᠩᠭᠠᠭᠰᠠᠨ ᠪᠠᠶᠢᠨ᠎ᠠ᠃ ᠡᠨᠡ | ᠤᠳᠠᠭᠠᠨ ᠤ ᠠᠵᠢᠯᠯᠠᠭ᠎ᠠ ᠳᠤ᠂ 300 ᠭᠠᠷᠤᠶ ᠬᠤᠪᠢ ᠤᠬᠠᠭᠤᠯᠭ᠎ᠠ ᠶᠢᠨ ᠮᠠᠲ᠋ᠧᠷᠢᠶᠠᠯ ᠪᠠ 100 ᠭᠠᠷᠤᠶ ᠬᠤᠪᠢ | ᠤᠬᠠᠭᠤᠯᠭ᠎ᠠ ᠶᠢᠨ ᠪᠤᠳᠠᠰ ᠢ ᠲᠠᠷᠬᠠᠭᠠᠵᠤ᠂ ᠬᠠᠤᠯᠢ ᠪᠠᠷ ᠵᠠᠰᠠᠬᠤ ᠰᠠᠶᠢᠨ ᠰᠠᠶᠢᠬᠠᠨ ᠤᠬᠠᠭᠤᠯᠭ᠎ᠠ ᠶᠢᠨ ᠠᠭᠤᠷ | ᠠᠮᠢᠰᠬᠤᠯ ᠢ ᠪᠣᠶ ᠪᠤᠯᠭᠠᠵᠠᠢ᠃ ᠲᠠᠷᠠᠭᠠᠴᠢ ᠶᠢᠨ ᠠᠯᠬᠤᠮ ᠳᠤ᠂ ᠲᠠᠶᠢᠹᠤᠰᠧ ᠬᠤᠰᠢᠭᠤᠨ ᠤ ᠬᠢᠨ ᠵᠠᠯᠠᠭᠤ ᠰᠠᠶᠢᠨ | ᠲᠤᠷᠠᠳᠠᠳ ᠢ ᠦᠷᠭᠦᠯᠵᠢᠯᠡᠨ ᠵᠣᠬᠢᠶᠠᠨ ᠪᠠᠶᠢᠭᠤᠯᠵᠤ᠂ ᠬᠠᠤᠯᠢ ᠪᠠᠷ ᠵᠠᠰᠠᠬᠤ ᠰᠣᠶᠣᠯ ᠤᠨ ᠤᠬᠠᠭᠤᠯᠭ᠎ᠠ ᠶᠢ | ᠴᠢᠨᠠᠭᠰᠢᠳᠠ ᠭᠦᠨᠵᠡᠭᠡᠶᠢᠷᠡᠭᠦᠯᠦᠨ᠂ ᠣᠯᠠᠨ ᠲᠦᠮᠡᠨ ᠢ ᠵᠢᠯᠣᠭᠤᠳᠴᠤ ᠪᠠᠶᠢᠭᠠᠳ ᠠᠮᠤᠷ ᠠᠮᠤᠭᠤᠯᠠᠩ ᠤᠨ | ᠪᠠᠶᠢᠭᠤᠯᠤᠯᠲᠠ ᠳᠤ ᠢᠳᠡᠪᠬᠢᠲᠡᠶ ᠣᠷᠣᠯᠴᠠᠭᠤᠯᠵᠤ᠂ ᠬᠠᠤᠯᠢ ᠪᠠᠷ ᠵᠠᠰᠠᠬᠤ ᠦᠵᠡᠯᠲᠡ ᠶᠢ ᠠᠷᠠᠳ ᠣᠯᠠᠨ ᠤ | ᠠᠮᠢᠳᠤᠷᠠᠯ ᠳᠤ ᠠᠭᠤᠰᠤᠯᠴᠠᠭᠤᠯᠬᠤ ᠪᠠᠷ ᠪᠠᠶᠢᠨ᠎ᠠ᠃ |