︽ᠬᠤᠶᠠᠷ ᠲᠥᠯᠥᠭᠡᠯᠡᠭᠴᠢ ᠨᠢᠭᠡ ᠭᠡᠰᠢᠭᠦᠨ︾ ᠰᠤᠷᠭᠠᠭᠤᠯᠢ ᠶᠢᠨ ᠬᠦᠷᠢᠶᠡᠨ ᠤ ᠬᠤᠭᠤᠯᠠ ᠤᠮᠳᠠ ᠶᠢ ᠪᠠᠶᠢᠴᠠᠭᠠᠨ᠎ᠠ
ᠨᠡᠶᠢᠲᠡᠯᠡᠭᠰᠡᠨ ᠴᠠᠭ᠄
2025/4/3
  4 ᠰᠠᠷ᠎ᠠ ᠶᠢᠨ 1᠎ ᠤ ᠡᠳᠦᠷ᠂ ᠲᠠᠶᠢᠹᠤᠰᠧ ᠬᠤᠰᠢᠭᠤᠨ ᠤ ᠰᠤᠷᠭᠠᠨ ᠬᠥᠮᠦᠵᠢᠯ ᠤᠨ ᠲᠣᠪᠴᠢᠶ᠎ᠠ ᠨᠢ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠲᠠᠢ ᠬᠠᠮᠲᠤᠷᠠᠨ  ︽ᠬᠤᠶᠠᠷ ᠲᠥᠯᠥᠭᠡᠯᠡᠭᠴᠢ ᠨᠢᠭᠡ ᠭᠡᠰᠢᠭᠦᠨ︾ ︵ᠨᠠᠮ ᠤᠨ ᠲᠥᠯᠥᠭᠡᠯᠡᠭᠴᠢ᠂ ᠠᠷᠠᠳ ᠤᠨ ᠲᠥᠯᠥᠭᠡᠯᠡᠭᠴᠢ᠂ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ︶᠂ ᠰᠣᠷᠣᠭᠴᠢ ᠶᠢᠨ ᠬᠡᠷ ᠤᠨ ᠠᠬᠠᠮᠠᠳ ᠪᠤᠯᠤᠨ ᠵᠠᠭᠤᠴᠢᠯᠠᠭᠤᠷ ᠤᠨ ᠲᠥᠯᠥᠭᠡᠯᠡᠭᠴᠢ ᠪᠠᠷ ᠪᠦᠷᠢᠯᠳᠦᠭᠰᠡᠨ ᠨᠡᠶᠢᠭᠡᠮ ᠤᠨ ᠬᠢᠨᠠᠨ ᠪᠠᠶᠢᠴᠠᠭᠠᠬᠤ ᠳᠤᠭᠤᠶᠢᠯᠠᠩ ᠢ ᠪᠠᠶᠢᠭᠤᠯᠵᠤ᠂  ᠲᠤᠮᠳᠠᠳᠤ ᠪᠠᠭ᠎ᠠ ᠰᠤᠷᠭᠠᠭᠤᠯᠢ ᠶᠢᠨ ᠬᠤᠭᠤᠯᠠᠨ ᠬᠡᠷ ᠲᠤ ᠬᠦᠨᠵᠡᠬᠡᠶᠢᠷᠡᠨ᠂ ᠰᠤᠷᠭᠠᠭᠤᠯᠢ ᠶᠢᠨ ᠬᠦᠷᠢᠶᠡᠨ ᠤ ᠢᠳᠡᠭᠡᠨ ᠤᠮᠳᠠᠭᠠᠨ ᠤ ᠠᠮᠤᠷ ᠲᠦᠪᠰᠢᠨ ᠢ ᠬᠢᠨᠠᠯᠲᠠ ᠪᠠᠶᠢᠴᠠᠭᠠᠬᠤ ᠠᠵᠢᠯᠯᠠᠭ᠎ᠠ  ᠦᠷᠨᠢᠬᠦᠯᠪᠡ᠃ ᠬᠢᠨᠠᠨ ᠪᠠᠶᠢᠴᠠᠭᠠᠬᠤ ᠲᠤᠭᠤᠶᠢᠯᠠᠩ ᠨᠢ ᠨᠢᠭᠡᠳᠦᠭᠡᠷ ᠳᠤᠮᠳᠠᠳᠤ ᠰᠤᠷᠭᠠᠭᠤᠯᠢ᠂ ᠭᠤᠷᠪᠠᠳᠤᠭᠠᠷ ᠳᠤᠮᠳᠠᠳᠤ ᠰᠤᠷᠭᠠᠭᠤᠯᠢ᠂ ᠳᠥᠷᠪᠡᠳᠦᠭᠡᠷ ᠪᠠᠭ᠎ᠠ ᠰᠤᠷᠭᠠᠭᠤᠯᠢ ᠶᠢᠨ ᠲᠤᠭᠤᠭᠠᠨ ᠭᠡᠷ ᠪᠠ ᠬᠤᠭᠤᠯᠠᠨ ᠲᠢᠩᠬᠢᠮ᠂ ᠰᠠᠩ ᠬᠦᠮᠦᠷᠭᠡ ᠵᠡᠷᠭᠡ ᠭᠤᠣᠯᠳᠠᠯᠭ᠎ᠠ ᠲᠠᠢ ᠲᠠᠯᠠᠪᠤᠷ ᠲᠤ ᠭᠦᠨᠵᠡᠭᠡᠶᠢᠷᠡᠨ᠂  ᠪᠠᠶᠢᠴᠠᠭᠠᠨ ᠦᠵᠡᠬᠦ᠂ ᠠᠰᠠᠭᠤᠨ ᠯᠠᠪᠯᠠᠬᠤ᠂ ᠬᠠᠷᠭᠤᠭᠤᠯᠤᠨ ᠪᠠᠶᠢᠴᠠᠭᠠᠬᠤ ᠵᠡᠷᠭᠡ ᠠᠷᠭ᠎ᠠ ᠬᠡᠯᠪᠡᠷᠢ ᠪᠠᠷ ᠬᠤᠭᠤᠯᠠᠨ ᠭᠡᠷ ᠤᠨ ᠣᠷᠴᠢᠨ ᠲᠣᠭᠤᠷᠢᠨ ᠤ ᠠᠷᠢᠭᠤᠨ ᠴᠡᠪᠡᠷ᠂ ᠢᠳᠡᠭᠡᠨ ᠤ ᠮᠠᠲ᠋ᠧᠷᠢᠶᠠᠯ ᠬᠤᠳᠠᠯᠳᠤᠨ ᠠᠪᠬᠤ ᠠᠷᠭ᠎ᠠ ᠵᠠᠮ ᠪᠠ ᠶᠠᠰᠤ ᠴᠢᠨᠠᠷ ᠢ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ᠂ ᠠᠵᠢᠯᠳᠠᠳ ᠤᠨ ᠠᠵᠢᠯᠯᠠᠭᠠᠨ ᠤ ᠵᠢᠷᠤᠮᠵᠢᠯ᠂  ᠵᠠᠭᠪᠤᠷ ᠦᠯᠡᠳᠡᠭᠡᠬᠦ ᠳᠦᠷᠢᠮ ᠤᠨ ᠨᠠᠶᠢᠳᠠᠪᠤᠷᠢᠵᠢᠭᠤᠯᠤᠯᠳᠠ᠂  ᠠᠶᠠᠭ᠎ᠠ ᠰᠠᠪᠬ᠎ᠠ ᠶᠢ ᠤᠬᠢᠶᠠᠵᠤ ᠠᠷᠢᠭᠤᠳᠬᠠᠬᠤ ᠶᠠᠪᠤᠴᠠ ᠵᠡᠷᠭᠡ ᠵᠠᠩᠭᠢᠯᠠᠭ᠎ᠠ ᠶᠢᠨ ᠭᠤᠭᠴᠤᠭ᠎ᠠ ᠳᠤ ᠪᠥᠬᠦ ᠲᠠᠯ᠎ᠠ ᠶᠢᠨ ᠪᠠᠶᠢᠴᠠᠭᠠᠯᠲᠠ ᠬᠢᠭᠰᠡᠨ ᠪᠠᠶᠢᠨ᠎ᠠ᠃       ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ ᠸᠠᠩ ᠮᠧᠩ᠄ ︽ᠥᠨᠥᠳᠦᠷ ᠬᠠᠮᠢᠶ᠎ᠠ ᠪᠥᠬᠦᠶ ᠨᠢᠭᠡᠴᠡ ᠲᠠᠢ ᠬᠠᠮᠲᠤ ᠪᠠᠷ ᠰᠤᠷᠭᠠᠭᠤᠯᠢ ᠶᠢᠨ ᠬᠤᠭᠤᠯᠠᠨ ᠬᠡᠷ ᠢ ᠮᠠᠰᠢᠨ ᠬᠢᠨᠠᠮᠠᠭᠠᠢ ᠪᠠᠶᠢᠴᠠᠭᠠᠯ᠎ᠠ᠂ ᠶᠡᠷᠦᠩᠬᠡᠶ ᠳᠡᠭᠡᠨ ᠮᠠᠰᠢ ᠰᠠᠶᠢᠨ  ᠪᠠᠶᠢᠭ᠎ᠠ᠂ ᠢᠳᠡᠭᠡᠨ ᠤ ᠠᠮᠤᠷ ᠲᠦᠪᠰᠢᠨ ᠪᠣᠯ ᠰᠤᠷᠤᠭᠴᠢᠳ ᠤᠨ ᠡᠷᠡᠭᠦᠯ ᠢᠶᠠᠷ ᠦᠰᠦᠨ ᠪᠤᠶᠢᠵᠢᠬᠤ ᠶᠢ ᠪᠠᠲᠤᠯᠠᠬᠤ ᠰᠠᠭᠤᠷᠢ᠂ ᠰᠤᠷᠭᠠᠭᠤᠯᠢ ᠶᠢᠨ ᠲᠣᠭᠲᠠᠭᠤᠨ ᠬᠥᠭᠵᠢᠯᠲᠡ ᠶᠢ ᠬᠠᠮᠠᠭᠠᠯᠠᠬᠤ ᠵᠠᠩᠭᠢᠯᠠᠭ᠎ᠠ ᠶᠢᠨ ᠬᠦᠴᠦᠨ ᠵᠦᠢᠯ ᠪᠤᠯᠬᠤᠷ ᠡᠯ᠎ᠡ ᠰᠤᠷᠭᠠᠭᠤᠯᠢ ᠶᠢᠨ ᠬᠢᠨ ᠭᠤᠤᠯ ᠴᠣᠭᠴᠠ ᠶᠢᠨ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠶ ᠨᠠᠶᠢᠳᠠᠪᠤᠷᠢᠵᠢᠭᠤᠯᠵᠤ᠂ ᠢᠳᠡᠭᠡᠨ ᠤ ᠠᠮᠤᠷ ᠲᠦᠪᠰᠢᠨ ᠤ ᠬᠠᠮᠢᠶᠠᠷᠤᠯᠲᠠ ᠶᠢᠨ ᠬᠢᠷᠢ ᠲᠦᠪᠰᠢᠨ ᠢᠶᠠᠨ ᠳᠡᠭᠡᠭᠰᠢᠯᠡᠭᠦᠯᠵᠦ᠂ ᠪᠠᠭᠰᠢ ᠰᠤᠷᠤᠭᠴᠢᠳ ᠤᠨ ᠢᠳᠡᠭᠡᠨ ᠤᠮᠳᠠᠭᠠᠨ ᠤ ᠠᠮᠤᠷ ᠲᠦᠪᠰᠢᠨ ᠢ ᠰᠠᠶᠢᠲᠤᠷ ᠬᠠᠮᠠᠭᠠᠯᠠᠬᠤ ᠶᠢ ᠬᠦᠰᠡᠵᠦ ᠪᠠᠶᠢᠨ᠎ᠠ︾  ᠃ ᠡᠨᠡ ᠤᠳᠠᠭᠠᠨ ᠤ ︽ᠬᠤᠶᠠᠷ ᠲᠥᠯᠥᠭᠡᠯᠡᠭᠴᠢ ᠨᠢᠭᠡ ᠭᠡᠰᠢᠭᠦᠨ︾ ᠰᠤᠷᠭᠠᠭᠤᠯᠢ ᠶᠢᠨ ᠬᠦᠷᠢᠶᠡᠨ ᠳᠤ ᠬᠦᠨᠵᠡᠬᠡᠶᠢᠷᠡᠵᠦ ᠢᠳᠡᠭᠡᠨ ᠤ ᠠᠮᠤᠷ ᠲᠦᠪᠰᠢᠨ ᠢ ᠬᠢᠨᠠᠨ ᠪᠠᠶᠢᠴᠠᠭᠠᠬᠤ ᠠᠵᠢᠯᠯᠠᠭ᠎ᠠ ᠨᠢ ᠨᠡᠶᠢᠭᠡᠮ ᠤᠨ ᠬᠢᠨᠠᠯᠲᠠ ᠲᠠᠯᠪᠢᠬᠤ ᠬᠦᠴᠦᠨ ᠢ ᠤᠯᠠᠮ ᠴᠢᠩᠭᠠᠷᠠᠭᠤᠯᠵᠤ᠂ ᠰᠤᠷᠭᠠᠭᠤᠯᠢ ᠶᠢᠨ ᠬᠦᠷᠢᠶᠡᠨ ᠤ ᠢᠳᠡᠭᠡᠨ ᠤᠮᠳᠠᠭᠠᠨ ᠤ ᠠᠮᠤᠷ ᠲᠦᠪᠰᠢᠨ ᠢ ᠪᠠᠲᠤᠯᠠᠬᠤ᠂ ᠰᠤᠷᠭᠠᠭᠤᠯᠢ ᠶᠢᠨ ᠬᠦᠷᠢᠶᠡᠨ ᠤ ᠬᠤᠭᠤᠯᠠ ᠤᠮᠳᠠ ᠶᠢᠨ ᠶᠠᠰᠤ ᠴᠢᠨᠠᠷ ᠢ ᠳᠡᠭᠡᠭᠰᠢᠯᠡᠭᠦᠯᠬᠦ ᠳᠤ ᠢᠳᠡᠪᠬᠢᠲᠡᠶ ᠠᠬᠢᠭᠤᠯᠬᠤ ᠦᠢᠯᠡᠳᠦᠯ ᠦᠵᠡᠬᠦᠯᠵᠡᠢ᠃ ᠲᠠᠷᠠᠭᠠᠴᠢ ᠶᠢᠨ ᠠᠯᠬᠤᠮ ᠳᠤ᠂ ᠲᠠᠶᠢᠹᠤᠰᠧ ᠬᠤᠰᠢᠭᠤᠨ ᠤ ᠬᠢᠨ ᠨᠡᠶᠢᠭᠡᠮ ᠤᠨ ᠬᠢᠨᠠᠯᠲᠠ ᠲᠠᠯᠪᠢᠬᠤ ᠠᠵᠢᠯ ᠢ ᠪᠠᠶᠢᠩᠭᠤ ᠶᠢᠨ ᠴᠢᠨᠠᠷᠲᠠᠢ ᠶᠠᠪᠤᠭᠳᠠᠭᠤᠯᠵᠤ᠂  ᠠᠷᠠᠳ ᠤᠨ ᠲᠥᠯᠥᠭᠡᠯᠡᠭᠴᠢ᠂ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ᠂  ᠬᠡᠷ ᠤᠨ ᠠᠬᠠᠮᠠᠳ ᠪᠠ ᠵᠠᠭᠤᠴᠢᠯᠠᠭᠤᠷ ᠎ ᠤᠨ ᠎ ᠬᠢᠨ ᠢ ᠵᠣᠬᠢᠶᠠᠨ ᠪᠠᠶᠢᠭᠤᠯᠵᠤ᠂ ᠰᠤᠷᠭᠠᠭᠤᠯᠢ ᠶᠢᠨ ᠬᠤᠭᠤᠯᠠᠨ ᠭᠡᠷ ᠤᠳ ᠢ ᠲᠤᠭᠳᠠᠮᠠᠯ ᠪᠤᠰᠤ ᠬᠤᠭᠤᠴᠠᠭ᠎ᠠ ᠲᠠᠢ ᠎ ᠪᠠᠷ ᠰᠤᠭᠤᠴᠢᠨ ᠪᠠᠶᠢᠴᠠᠭᠠᠵᠤ᠂   ᠢᠳᠡᠭᠡᠨ ᠤ ᠠᠮᠤᠷ ᠲᠦᠪᠰᠢᠨ ᠤ ᠬᠠᠮᠢᠶᠠᠷᠤᠯᠲᠠ ᠶᠢ ᠴᠢᠩᠭᠠᠳᠬᠠᠨ᠂ ᠬᠤᠭᠤᠯᠠ ᠤᠮᠳᠠ ᠶᠢᠨ ᠶᠠᠰᠤ ᠴᠢᠨᠠᠷ ᠢ ᠳᠡᠭᠡᠭᠰᠢᠯᠡᠭᠦᠯᠵᠦ᠂ ᠠᠮᠤᠷ ᠲᠦᠪᠰᠢᠨ᠂  ᠴᠡᠪᠡᠷ ᠡᠷᠡᠭᠦᠯ  ᠂ ᠰᠢᠮ᠎ᠡ ᠲᠡᠵᠢᠭᠡᠯ ᠲᠠᠢ ᠰᠤᠷᠭᠠᠭᠤᠯᠢ ᠶᠢᠨ ᠬᠦᠷᠢᠶᠡᠨ ᠤ ᠢᠳᠡᠭᠡᠨ ᠤᠮᠳᠠᠭᠠᠨ ᠤ ᠣᠷᠴᠢᠨ ᠲᠣᠭᠤᠷᠢᠨ ᠢ ᠪᠠᠶᠢᠭᠤᠯᠬᠤ ᠪᠠᠷ ᠪᠠᠶᠢᠨ᠎ᠠ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号