ᠴᠧᠨ ᠶᠠᠨ ᠪᠦᠦ ᠭᠤᠤᠯᠳᠠᠯᠭ᠎ᠠ ᠲᠠᠢ ᠲᠥᠷᠥᠯ ᠵᠦᠢᠯ ᠤᠨ ᠪᠠᠶᠢᠭᠤᠯᠤᠯᠲᠠ ᠶᠢ ᠪᠠᠶᠢᠴᠠᠭᠠᠨ ᠰᠤᠳᠤᠯᠤᠭᠰᠠᠨ
ᠨᠡᠶᠢᠲᠡᠯᠡᠭᠰᠡᠨ ᠴᠠᠭ᠄
2025/4/30
   4 ᠰᠠᠷ᠎ᠠ ᠶᠢᠨ 28 ᠤ ᠡᠳᠦᠷ᠂  ᠬᠤᠰᠢᠭᠤ ᠨᠠᠮ ᠤᠨ ᠬᠤᠷᠢᠶᠠᠨ ᠤ ᠱᠦᠵᠢ ᠴᠧᠨ ᠶᠠᠨ ᠪᠦᠦ ᠪᠠᠶᠢᠴᠠᠭᠠᠬᠤ ᠪᠦᠯᠬᠦᠮ ᠳᠠᠭᠠᠭᠤᠯᠤᠨ ᠣᠷᠣᠰᠢᠭᠤᠯᠭ᠎ᠠ ᠶᠢᠨ ᠦᠢᠯᠡᠴᠢᠯᠡᠭᠡᠨ ᠤ ᠲᠥᠪ᠂ ᠪᠢᠶᠠᠨ ᠴᠢᠶᠠᠩ ᠲᠣᠰᠬᠤᠨ ᠤ ᠲᠦᠬᠦᠭᠡᠷᠦᠮᠵᠢᠲᠦ ᠲᠠᠷᠢᠶᠠᠯᠠᠩ ᠤᠨ ᠲᠠᠯᠠᠪᠠᠢ᠂ ᠵᠦᠩ ᠬᠤᠸᠠ ᠲᠠᠷᠢᠶᠠᠯᠠᠩ ᠮᠠᠯ ᠠᠵᠤ ᠠᠬᠤᠶ ᠶᠢᠨ ᠰᠢᠨᠵᠢᠯᠡᠭᠡ ᠮᠡᠷᠭᠡᠵᠢᠯ ᠤᠨ ᠵᠢᠱᠢᠶ᠎ᠡ ᠦᠵᠡᠭᠦᠯᠬᠦ ᠬᠦᠷᠢᠶᠡᠯᠡᠩ᠂ ᠺᠠᠶ ᠳ᠋ᠠ ᠲᠦᠮᠦᠰᠦᠨ ᠤ ᠦᠢᠯᠡᠰ ᠤᠨ ᠺᠤᠮᠫᠠᠨᠢ ᠵᠡᠷᠭᠡ ᠲᠥᠷᠥᠯ ᠵᠦᠢᠯ ᠤᠨ  ᠪᠠᠶᠢᠭᠤᠯᠤᠯᠲᠠ ᠶᠢᠨ ᠠᠬᠤᠢ ᠲᠠᠯᠠᠪᠠᠶ ᠳᠤ ᠬᠦᠨᠵᠡᠭᠡᠶᠢᠷᠡᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠠᠶᠤᠯᠭᠦᠶ ᠦᠢᠯᠡᠳᠪᠦᠷᠢᠯᠡᠯ᠂ ᠭᠤᠤᠯᠳᠠᠯᠭ᠎ᠠ ᠲᠠᠢ ᠲᠥᠷᠥᠯ ᠵᠦᠢᠯ ᠤᠨ ᠪᠠᠶᠢᠭᠤᠯᠤᠯᠲᠠ ᠶᠢᠨ ᠲᠣᠭᠤᠷᠢᠨ ᠳᠤ ᠪᠠᠶᠢᠴᠠᠭᠠᠨ ᠰᠤᠳᠤᠯᠤᠯᠲᠠ ᠬᠢᠵᠡᠢ᠃ ᠴᠧᠨ ᠶᠠᠨ ᠪᠦᠦ ᠴᠢᠬᠤᠯᠠᠴᠢᠯᠠᠬᠤ ᠳᠠᠭᠠᠨ᠂ ᠡᠯ᠎ᠡ ᠰᠤᠮᠤ ᠰᠢᠶᠠᠩ ᠪᠠᠯᠭᠠᠰᠤ ᠡᠯ᠎ᠡ ᠰᠠᠯᠠᠭ᠎ᠠ ᠮᠥᠴᠢᠷ ᠤᠨ ᠬᠢᠨ ᠪᠠᠷᠢᠯᠭ᠎ᠠ ᠶᠢᠨ ᠠᠵᠢᠯ ᠤᠨ ᠰᠢᠵᠢᠷ ᠠᠯᠳᠠᠨ ᠬᠤᠭᠤᠴᠠᠭ᠎ᠠ ᠶᠢ ᠵᠠᠪᠳᠤᠵᠤ  ᠂ ᠲᠦᠷᠦᠯ ᠵᠦᠢᠯ ᠤᠨ ᠠᠬᠢᠴᠠ ᠶᠢ ᠪᠦᠬᠦ ᠬᠦᠴᠦᠨ ᠢᠶᠠᠷ ᠲᠦᠷᠭᠡᠳᠭᠡᠨ᠂ ᠲᠦᠷᠦᠯ ᠵᠦᠢᠯ ᠢ ᠡᠷᠲᠡᠬᠡᠨ ᠪᠠᠶᠢᠭᠤᠯᠵᠤ ᠡᠷᠳᠡᠭᠡᠨ ᠠᠰᠢᠭᠯᠠᠬᠤ ᠪᠠᠷ ᠴᠢᠷᠮᠠᠶᠢᠬᠤ ᠬᠡᠷᠡᠭᠲᠡᠢ᠃ ᠲᠦᠷᠦᠯ ᠵᠦᠢᠯ ᠤᠨ ᠬᠠᠮᠢᠶᠠᠷᠤᠯᠲᠠ ᠶᠢᠨ ᠲᠦᠪᠰᠢᠨ ᠢ ᠳᠡᠭᠡᠭᠰᠢᠯᠡᠭᠦᠯᠵᠦ᠂ ᠰᠢᠯᠭᠠᠨ ᠠᠪᠬᠤ ᠠᠵᠢᠯ ᠢ ᠥᠨᠳᠥᠷ ᠪᠠᠷᠢᠮᠵᠢᠶ᠎ᠠ ᠪᠠᠷ ᠦᠷᠨᠢᠬᠦᠯᠦᠨ᠂ ᠪᠦᠳᠦᠭᠡᠨ ᠪᠠᠶᠢᠭᠤᠯᠤᠯᠲᠠ ᠶᠢᠨ ᠶᠠᠰᠤ ᠴᠢᠨᠠᠷ ᠢ ᠴᠢᠩᠭ᠎ᠠ ᠡᠵᠡᠮᠳᠡᠬᠦ ᠬᠡᠷᠡᠭᠲᠡᠢ᠃ ᠠᠶᠤᠯᠭᠦᠢ ᠦᠢᠯᠡᠳᠪᠦᠷᠢᠯᠡᠯ ᠤᠨ ᠬᠤᠷᠢᠭ᠎ᠠ ᠱᠤᠭᠤᠮ ᠢ ᠡᠷᠡᠰ ᠪᠠᠲᠤ ᠰᠠᠬᠢᠵᠤ᠂ ᠠᠵᠤ ᠠᠬᠤᠶᠢᠯᠠᠯ ᠤᠨ ᠭᠤᠣᠯ ᠴᠣᠭᠴᠠ ᠶᠢᠨ ᠬᠠᠷᠢᠭᠤᠴᠠᠯᠭ᠎ᠠ᠂ ᠬᠠᠷᠢᠶ᠎ᠠ ᠣᠷᠣᠨ ᠤ ᠬᠠᠮᠢᠶᠠᠷᠤᠯᠲᠠ ᠶᠢᠨ ᠬᠠᠷᠢᠭᠤᠴᠠᠯᠭ᠎ᠠ ᠪᠣᠯᠤᠨ ᠰᠠᠯᠠᠭ᠎ᠠ ᠮᠥᠴᠢᠷ ᠤᠨ ᠬᠢᠨᠠᠯᠲᠠ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠴᠢᠩᠭ᠎ᠠ  ᠨᠠᠶᠢᠳᠠᠪᠤᠷᠢᠵᠢᠭᠤᠯᠤᠨ᠂ ᠪᠠᠷᠢᠯᠭ᠎ᠠ ᠶᠢᠨ ᠠᠮᠤᠷ ᠲᠦᠪᠰᠢᠨ ᠢ ᠪᠠᠲᠤᠯᠠᠭᠰᠠᠨ ᠤᠷᠢᠲᠠᠯ ᠳᠣᠣᠷ᠎ᠠ᠂ ᠲᠦᠷᠦᠯ ᠵᠦᠢᠯ ᠤᠨ ᠪᠠᠶᠢᠭᠤᠯᠤᠯᠲᠠ ᠶᠢ ᠴᠢᠨᠠᠷ ᠰᠠᠶᠢᠲᠠᠢ ᠠᠬᠢᠭᠤᠯᠬᠤ ᠬᠡᠷᠡᠭᠲᠡᠢ ᠭᠡᠪᠡ᠃ ᠯᠢᠦ ᠶᠠ ᠱᠧᠩ ᠪᠠᠶᠢᠴᠠᠭᠠᠨ ᠰᠤᠳᠤᠯᠤᠯᠲᠠ ᠳᠤ ᠤᠷᠤᠯᠴᠠᠵᠠᠢ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号