ᠰᠢᠨ᠎ᠡ ᠨᠢᠭᠡ ᠡᠭᠡᠯᠵᠢ ᠶᠢᠨ ︽ᠬᠠᠭᠤᠴᠢᠨ ᠢᠶᠠᠷ ᠰᠢᠨ᠎ᠡ ᠶᠢ ᠰᠣᠯᠢᠬᠤ︾ ᠲᠥᠷᠥ ᠶᠢᠨ ᠪᠣᠳᠣᠯᠭ᠎ᠠ ᠶᠢᠨ ᠡᠷᠴᠢᠮ | ᠤᠨ ᠴᠢᠩᠭᠠᠷᠠᠬᠤ ᠶᠢ ᠲᠠᠭᠠᠯᠳᠤᠭᠠᠳ᠂ ᠲᠠᠶᠢᠹᠤᠰᠧ ᠬᠤᠰᠢᠭᠤᠨ ᠤ ᠮᠠᠰᠢᠨ ᠲᠡᠷᠭᠡᠨ ᠤ ᠵᠠᠬ᠎ᠠ ᠳᠡᠯᠭᠡᠭᠦᠷ ᠲᠤ | ᠬᠥᠭᠵᠢᠶᠡᠨᠲᠡᠶ ᠪᠠᠶᠢᠳᠠᠯ ᠢᠯᠡᠷᠡᠵᠡᠢ᠃ ᠤᠶᠢᠷ᠎ᠠ ᠳᠤ᠂ ᠰᠤᠷᠪᠤᠯᠵᠢᠯᠠᠭᠴᠢ ᠪᠤᠤᠴᠠᠩ ᠪᠠᠯᠭᠠᠰᠤᠨ ᠤ ᠨᠢᠬᠡᠨ ᠡᠷᠦᠬᠡ | ᠮᠠᠰᠢᠨ ᠲᠡᠷᠭᠡᠨ ᠤ ᠪᠣᠷᠣᠯᠠᠭᠤᠯᠭ᠎ᠠ ᠶᠢᠨ ᠭᠠᠵᠠᠷ ᠲᠤ ᠬᠦᠷᠬᠦ ᠳᠤ᠂ ᠦᠵᠡᠭᠦᠯᠭᠡ ᠶᠢᠨ ᠲᠢᠩᠬᠢᠮ ᠳᠤ ᠡᠯ᠎ᠡ ᠵᠦᠢᠯ ᠤᠨ | ᠪᠣᠷᠣᠯᠠᠭᠤᠯᠭ᠎ᠠ ᠰᠠᠶᠢᠳᠠᠢ ᠮᠠᠰᠢᠨ ᠨᠤᠭᠤᠳ ᠢ ᠳᠡᠯᠭᠡᠨ ᠵᠢᠬᠰᠠᠭᠠᠭᠠᠳ᠂ ᠪᠣᠷᠣᠯᠠᠭᠤᠯᠤᠭᠴᠢ ᠠᠴᠠ ᠶᠠᠭ ᠲᠡᠷᠭᠡ | ᠦᠵᠡᠬᠦ ᠪᠠᠷ ᠢᠷᠡᠭᠰᠡᠨ ᠬᠦᠮᠦᠰ ᠲᠤ ᠲᠡᠷᠭᠡᠨ ᠤ ᠴᠢᠨᠠᠷ ᠴᠢᠨᠰᠠᠭ᠎ᠠ ᠪᠠ ᠬᠠᠷᠠᠭᠠᠯᠵᠠᠯ ᠤᠨ ᠲᠥᠷᠥ ᠶᠢᠨ ᠪᠣᠳᠣᠯᠭ᠎ᠠ | ᠵᠡᠷᠭᠡ ᠶᠢ ᠬᠦᠯᠢᠴᠡᠩᠭᠦᠢ ᠪᠠᠷ ᠲᠠᠶᠢᠯᠪᠤᠷᠢᠯᠠᠵᠤ ᠪᠠᠶᠢᠯ᠎ᠠ᠃ | ᠰᠠᠭᠤᠭᠠᠯᠢ ᠠᠷᠠᠳ ᠴᠢᠦ ᠠᠪᠠᠭ᠋ᠠᠢ᠄ ︽ᠬᠠᠭᠤᠴᠢᠨ ᠮᠠᠰᠢᠨ ᠢᠶᠠᠨ ᠰᠢᠨ᠎ᠡ ᠪᠠᠷ ᠰᠣᠯᠢᠬᠤ ᠰᠠᠨᠠᠭ᠎ᠠ ᠲᠠᠢ᠂ ᠤᠯᠤᠰ | ᠤᠨ ᠨᠥᠬᠦᠪᠥᠷᠢ ᠲᠠᠢ ᠪᠤᠯᠬᠤᠷ ᠨᠢᠭᠡ ᠠᠴᠠ ᠬᠤᠶᠠᠷ ᠲᠦᠮᠡᠨ ᠲᠥᠭᠦᠷᠢᠭ ᠠᠷᠪᠢᠯᠠᠴᠢᠬᠠᠨ᠎ᠠ᠂ ᠥᠨᠥᠳᠦᠷ ᠬᠡᠳᠦᠨ | ᠰᠠᠶᠢᠬᠠᠨ ᠮᠠᠰᠢᠨ ᠦᠵᠡᠯ᠎ᠡ᠂ ᠰᠤᠩᠭᠤᠵᠤ ᠪᠠᠶᠢᠭᠠᠳ ᠬᠤᠳᠠᠯᠳᠤᠨ ᠠᠪᠤᠨ᠎ᠠ ᠳ᠋ᠡ︾ ᠃ | ᠨᠥᠬᠦᠪᠥᠷᠢ ᠶᠢᠨ ᠬᠡᠮᠵᠢᠶ᠎ᠡ ᠪᠣᠯ ᠣᠯᠠᠩᠬᠢ ᠬᠡᠷᠡᠭᠯᠡᠭᠴᠢᠳ ᠤᠨ ᠭᠤᠣᠯᠳᠠᠯᠭ᠎ᠠ ᠲᠠᠢ ᠠᠩᠬᠠᠷᠴᠤ ᠪᠠᠶᠢᠭ᠎ᠠ | ᠠᠰᠠᠭᠤᠳᠠᠯ ᠪᠣᠯᠤᠨ᠎ᠠ᠃ ᠣᠳᠣᠬᠠᠨ ᠳᠤ᠂ ᠬᠠᠭᠤᠴᠢᠨ ᠢᠶᠠᠷ ᠰᠢᠨ᠎ᠡ ᠶᠢ ᠰᠣᠯᠢᠬᠤ ᠨᠥᠬᠦᠪᠥᠷᠢ ᠬᠤᠶᠠᠷ ᠵᠦᠢᠯ ᠪᠣᠶ᠂ | ᠨᠢᠭᠡ ᠨᠢ ︽ ᠭᠡᠷᠡᠭᠯᠡᠭᠡ ᠠᠴᠠ ᠭᠠᠷᠤᠭᠰᠠᠨ ᠮᠠᠰᠢᠨ ᠲᠡᠷᠭᠡ ᠶᠢ ᠰᠢᠨᠡᠳᠭᠡᠬᠦ ᠨᠥᠬᠦᠪᠥᠷᠢ︾ ᠂ ᠨᠦᠬᠦᠬᠡ ᠨᠢ ︽ | ᠬᠠᠭᠤᠴᠢᠨ ᠢᠶᠠᠷ ᠰᠢᠨ᠎ᠡ ᠶᠢ ᠰᠤᠯᠢᠬᠤ ᠨᠥᠬᠦᠪᠥᠷᠢ︾᠃ ᠬᠡᠷᠡᠭᠯᠡᠭᠴᠢᠳ ᠦᠪᠡᠷ ᠦᠪᠡᠷ ᠤᠨ ᠪᠠᠶᠢᠳᠠᠯ ᠢᠶᠠᠨ | ᠦᠨᠳᠦᠰᠦᠯᠡᠵᠦ ᠪᠠᠶᠢᠭᠠᠳ ᠲᠤᠬᠢᠷᠠᠮᠵᠢᠳᠠᠢ ᠰᠤᠩᠭᠤᠯᠳᠠ ᠬᠢᠵᠦ ᠪᠤᠯᠤᠨ᠎ᠠ᠃ ᠰᠢᠨ᠎ᠡ ᠲᠥᠷᠥ ᠶᠢᠨ ᠪᠣᠳᠣᠯᠭ᠎ᠠ ᠳᠤ | ᠨᠥᠬᠦᠪᠥᠷᠢ ᠶᠢᠨ ᠪᠠᠷᠢᠮᠵᠢᠶ᠎ᠠ ᠶᠢ ᠳᠡᠭᠡᠭᠰᠢᠯᠡᠭᠦᠯᠦᠭᠰᠡᠨ ᠢᠶᠠᠷ ᠪᠠᠷᠠᠬᠤ ᠥᠬᠡᠶ ᠨᠥᠬᠦᠪᠥᠷᠢ ᠶᠢᠨ ᠬᠡᠪᠴᠢᠶ᠎ᠡ ᠶᠢ | ᠦᠷᠭᠡᠳᠭᠡᠭᠰᠡᠨ ᠪᠤᠯᠬᠤᠷ᠂ ᠬᠠᠭᠤᠴᠢᠨ ᠮᠠᠰᠢᠨ ᠤ ᠰᠢᠭᠰᠢᠭᠳᠡᠯ ᠢ ᠲᠦᠷᠭᠡᠳᠬᠡᠨ᠂ ᠰᠢᠨ᠎ᠡ ᠮᠠᠰᠢᠨ ᠤ ᠬᠡᠷᠡᠭᠯᠡᠭᠡ ᠶᠢ | ᠠᠬᠢᠭᠤᠯᠵᠤ᠂ ᠡᠭᠦᠨ ᠤ ᠤᠯᠠᠮ ᠠᠴᠠ ᠮᠠᠰᠢᠨ ᠲᠡᠷᠭᠡᠨ ᠤ ᠵᠠᠬ᠎ᠠ ᠳᠡᠯᠭᠡᠭᠦᠷ ᠤᠨ ᠬᠦᠭᠵᠢᠯᠳᠡ ᠶᠢ ᠪᠦᠳᠦᠮᠵᠢᠳᠡᠢ | ᠲᠠᠶᠢᠴᠢᠯᠠᠭᠰᠠᠨ ᠪᠠᠶᠢᠨ᠎ᠠ ᠃ | ᠮᠠᠰᠢᠨ ᠲᠡᠷᠭᠡ ᠪᠤᠷᠤᠯᠠᠭᠤᠯᠤᠭᠴᠢ ᠰᠢᠤᠢ ᠯᠢᠶᠠᠩ᠄ ︽ᠨᠢᠳᠤᠨᠤᠨ ᠤ 3 — 4 ᠰᠠᠷ᠎ᠠ ᠳᠤ ᠤᠯᠤᠰ ᠠᠴᠠ | ᠨᠥᠬᠦᠪᠥᠷᠢ ᠥᠭᠬᠦ ᠲᠥᠷᠥ ᠶᠢᠨ ᠪᠣᠳᠣᠯᠭ᠎ᠠ ᠶᠢ ᠨᠡᠶᠢᠲᠡᠯᠡᠭᠰᠡᠨ ᠤ ᠳᠠᠷᠠᠭ᠎ᠠ᠂ ᠮᠠᠨ ᠤ ᠳᠡᠯᠭᠡᠭᠦᠷ ᠤᠨ | ᠪᠤᠷᠤᠯᠠᠭᠤᠯᠭ᠎ᠠ ᠶᠢᠨ ᠬᠡᠮᠵᠢᠶ᠎ᠡ ᠠᠳᠠᠯᠢ ᠬᠤᠭᠤᠴᠠᠭᠠᠨ ᠤ ᠬᠢ ᠠᠴᠠ ᠪᠠᠷᠤᠭ 20 % — 30% ᠪᠠᠷ ᠨᠡᠮᠡᠭᠳᠡᠵᠡᠢ᠂ | 2025 ᠣᠨ ᠳᠤ ᠤᠯᠤᠰ ᠠᠴᠠ ᠨᠥᠬᠦᠪᠥᠷᠢ ᠥᠭᠬᠦ ᠬᠡᠪᠴᠢᠶ᠎ᠡ ᠪᠠᠨ ᠦᠷᠭᠡᠳᠭᠡᠭᠰᠡᠨ᠂ ᠬᠡᠷᠡᠭᠯᠡᠭᠡ ᠠᠴᠠ | ᠭᠠᠷᠤᠭᠰᠠᠨ ᠮᠠᠰᠢᠨ ᠲᠡᠷᠭᠡ ᠶᠢ ᠰᠢᠨᠡᠳᠭᠡᠬᠦ ᠨᠥᠬᠦᠪᠥᠷᠢ ᠪᠣᠯ ᠨᠥᠬᠦᠴᠡᠯ ᠳᠤ ᠨᠡᠶᠢᠴᠡᠭᠰᠡᠨ ᠰᠢᠨ᠎ᠡ ᠡᠨᠧᠷᠭᠢ ᠶᠢᠨ | ᠮᠠᠰᠢᠨ ᠲᠡᠷᠭᠡ ᠶᠢ ᠬᠤᠳᠠᠯᠳᠤᠨ ᠠᠪᠬᠤ ᠳᠤ 20000 ᠲᠦᠬᠦᠷᠢᠭ ᠤᠨ ᠰᠢᠭᠤᠳ ᠨᠥᠬᠦᠪᠥᠷᠢ ᠤᠯᠭᠤᠨ᠎ᠠ᠃ | ᠡᠬᠦᠨ ᠠᠴᠠ ᠭᠠᠳᠠᠨ᠎ᠠ᠂ ᠥᠪᠡᠷᠲᠡᠭᠡᠨ ᠵᠠᠰᠠᠬᠤ ᠣᠷᠣᠨ ᠠᠴᠠ ᠪᠠᠰᠠ ᠮᠠᠰᠢᠨ ᠲᠡᠷᠭᠡ ᠰᠣᠯᠢᠬᠤ ᠨᠥᠬᠦᠪᠥᠷᠢ | ᠤᠯᠭᠤᠵᠤ ᠪᠤᠢ᠂ ᠡᠲᠡᠭᠡᠷ ᠲᠥᠷᠥ ᠶᠢᠨ ᠪᠣᠳᠣᠯᠭ᠎ᠠ ᠨᠢ ᠮᠠᠰᠢ ᠰᠠᠶᠢᠨ ᠪᠠᠶᠢᠵᠤ᠂ ᠮᠠᠰᠢᠨ ᠲᠡᠷᠭᠡᠨ ᠤ ᠵᠠᠬ᠎ᠠ | ᠳᠡᠯᠭᠡᠭᠦᠷ ᠤᠨ ᠪᠦᠬᠦᠯᠢ ᠴᠣᠭᠴᠠ ᠶᠢᠨ ᠪᠠᠶᠢᠳᠠᠯ ᠳᠡᠭᠡᠭᠰᠢᠯᠡᠬᠦ ᠬᠠᠨᠳᠤᠰᠢ ᠲᠠᠢ ᠪᠤᠯᠵᠠᠢ︾᠃ | ᠲᠠᠶᠢᠹᠤᠰᠧ ᠬᠤᠰᠢᠭᠤᠨ ᠤ ᠬᠢᠨ ᠡᠶᠢᠨ ᠬᠦ᠋ ᠮᠠᠰᠢᠨ ᠲᠡᠷᠭᠡᠨ ᠤ ︽ᠬᠠᠭᠤᠴᠢᠨ ᠢᠶᠠᠷ ᠰᠢᠨ᠎ᠡ ᠶᠢ ᠰᠤᠯᠢᠬᠤ ︾ | ᠠᠵᠢᠯ ᠢ ᠢᠳᠡᠪᠬᠢᠳᠡᠢ ᠦᠷᠨᠢᠬᠦᠯᠬᠦ ᠶᠢᠨ ᠬᠠᠮᠳᠤ᠂ ᠪᠠᠰᠠ ᠭᠡᠷ ᠤᠨ ᠴᠠᠬᠢᠯᠭᠠᠨ ᠬᠡᠷᠡᠭᠰᠡᠯ ᠤᠨ ᠬᠠᠭᠤᠴᠢᠨ ᠢᠶᠠᠷ | ᠰᠢᠨ᠎ᠡ ᠶᠢ ᠰᠣᠯᠢᠬᠤ᠂ ᠴᠠᠬᠢᠯᠭᠠᠨ ᠬᠥᠳᠡᠯᠭᠡᠭᠦᠷᠲᠦ ᠲᠡᠷᠭᠡᠨ ᠤ ᠬᠠᠭᠤᠴᠢᠨ ᠢᠶᠠᠷ ᠰᠢᠨ᠎ᠡ ᠶᠢ ᠰᠣᠯᠢᠬᠤ᠂ ᠭᠡᠷ ᠤᠨ | ᠴᠢᠮᠡᠭᠯᠡᠯ ᠤᠨ ᠦᠢᠯᠡᠳᠬᠦᠨ ᠢ ᠥᠭᠡᠷᠡᠴᠢᠯᠡᠨ ᠰᠣᠯᠢᠬᠤ ᠵᠡᠷᠭᠡ ᠠᠵᠢᠯ ᠢ ᠢᠳᠡᠪᠬᠢᠲᠡᠢ ᠥᠷᠨᠢᠭᠦᠯᠵᠦ᠂ ᠲᠦᠷᠦ ᠶᠢᠨ | ᠪᠤᠳᠤᠯᠭ᠎ᠠ ᠪᠠᠷ ᠬᠥᠳᠡᠯᠭᠡᠭᠦᠷ ᠪᠤᠯᠭᠠᠨ᠂ ︽ᠬᠠᠭᠤᠴᠢᠨ ᠢᠶᠠᠷ ᠰᠢᠨ᠎ᠡ ᠶᠢ ᠰᠣᠯᠢᠬᠤ︾ ᠶᠢ ᠴᠢᠨᠠᠭᠰᠢᠳᠠ ᠠᠬᠢᠭᠤᠯᠵᠤ᠂ | ᠬᠡᠷᠡᠭᠯᠡᠭᠴᠢᠳ ᠲᠤ ᠦᠨᠡᠨ ᠪᠣᠳᠠᠲᠠᠢ ᠲᠥᠷᠥ ᠶᠢᠨ ᠪᠤᠳᠤᠯᠭ᠎ᠠ ᠶᠢᠨ ᠠᠰᠢᠭ ᠲᠤᠰᠠ ᠬᠦᠷᠳᠡᠭᠡᠵᠦ ᠪᠠᠶᠢᠨ᠎ᠠ᠃ |