ᠵᠠᠩ ᠶᠦᠩ ᡁᠢ ᠬᠠᠩᠰᠢ ᠶᠢᠨ ᠬᠤᠭᠤᠴᠠᠭᠠᠨ ᠳᠠᠬᠢ ᠤᠢ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠠᠵᠢᠯ ᠢ ᠪᠠᠶᠢᠴᠠᠭᠠᠨ ᠵᠢᠯᠤᠭᠤᠳᠤᠭᠰᠠᠨ
ᠨᠡᠶᠢᠲᠡᠯᠡᠭᠰᠡᠨ ᠴᠠᠭ᠄
2025/4/7
 4 ᠰᠠᠷ᠎ᠠ ᠶᠢᠨ 3 ᠤ ᠡᠳᠦᠷ᠂  ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤ ᠳᠠᠷᠤᠭ᠎ᠠ ᠶᠢᠨ ᠵᠢᠱᠢᠭᠳᠡᠭᠴᠢ ᠵᠠᠩ ᠶᠦᠩ ᡁᠢ ᠵᠡᠬᠦᠨ ᠠᠭᠤᠯᠠᠨ ᠤ ᠴᠡᠴᠡᠷᠯᠢᠭ᠂ ᠬᠤᠸᠠᠩ ᠲᠤ ᠺᠧᠩ ᠲᠤᠰᠬᠤᠨ᠂ ᠣᠶ ᠰᠢᠭᠤᠶ ᠶᠢᠨ ᠲᠠᠯᠠᠪᠠᠶ ᠵᠡᠷᠭᠡ ᠭᠤᠤᠯᠳᠠᠯᠭ᠎ᠠ ᠲᠠᠢ ᠰᠡᠷᠭᠡᠶᠢᠯᠡᠨ ᠬᠠᠮᠠᠭᠠᠯᠠᠬᠤ ᠣᠷᠣᠨ ᠪᠦᠰᠡ ᠳᠤ ᠭᠦᠨᠵᠡᠭᠡᠶᠢᠷᠡᠨ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠠᠵᠢᠯ ᠢ ᠪᠠᠶᠢᠴᠠᠭᠠᠨ ᠰᠤᠳᠤᠯᠵᠤ ᠬᠢᠨᠠᠨ ᠵᠢᠯᠣᠭᠤᠳᠪᠠ᠃ ᠵᠠᠩ ᠶᠦᠩ ᡁᠢ ᠲᠤᠬᠠᠶ ᠶᠢᠨ ᠭᠠᠵᠠᠷ ᠲᠤᠨᠢ ᠪᠠᠶᠢᠴᠠᠭᠠᠨ ᠦᠵᠡᠬᠦ᠂ ᠬᠠᠷᠢᠭᠤ ᠮᠡᠳᠡᠭᠦᠯᠦᠯᠲᠡ ᠰᠣᠨᠣᠰᠬᠤ ᠵᠡᠷᠭᠡ ᠠᠷᠭ᠎ᠠ ᠬᠡᠯᠪᠡᠷᠢ ᠪᠠᠷ ᠪᠥᠬᠦ ᠬᠤᠰᠢᠭᠤᠨ ᠤ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠭᠰᠠᠨ ᠪᠠᠶᠢᠳᠠᠯ᠂ ᠵᠢᠵᠢᠭᠦᠷᠯᠡᠨ ᠰᠠᠬᠢᠬᠤ᠂ ᠳᠠᠯᠳᠠ ᠬᠡᠮ ᠢ ᠪᠠᠶᠢᠴᠠᠭᠠᠬᠤ᠂ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠠᠵᠢᠯ ᠵᠢᠴᠢ ᠡᠯ᠎ᠡ ᠰᠤᠮᠤ ᠰᠢᠶᠠᠩ ᠪᠠᠯᠭᠠᠰᠤᠨ ᠤ ᠬᠠᠩᠰᠢ ᠶᠢᠨ ᠬᠤᠭᠤᠴᠠᠭᠠᠨ ᠤ ᠬᠢᠨᠠᠯᠳᠠ ᠬᠠᠮᠢᠶᠠᠷᠤᠯᠲᠠ ᠵᠡᠷᠭᠡ ᠶᠢ ᠨᠠᠷᠢᠨ ᠣᠶᠢᠯᠠᠭᠠᠪᠠ᠃ ᠵᠠᠩ ᠶᠦᠩ ᡁᠢ ᠴᠢᠬᠤᠯᠠᠴᠢᠯᠠᠬᠤ ᠳᠠᠭᠠᠨ᠂ ᠤᠢ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠠᠵᠢᠯ ᠤᠨ ᠬᠠᠷᠢᠭᠤᠴᠠᠯᠭ᠎ᠠ ᠲᠠᠶᠢᠱᠠᠨ ᠠᠭᠤᠯᠠ ᠠᠴᠠ ᠬᠦᠨᠳᠦ ᠪᠠᠶᠢᠭ᠎ᠠ᠂ ᠡᠯ᠎ᠡ ᠰᠤᠮᠤ ᠰᠢᠶᠠᠩ ᠪᠠᠯᠭᠠᠰᠤ ᠡᠯ᠎ᠡ ᠰᠠᠯᠠᠭ᠎ᠠ ᠮᠥᠴᠢᠷ ᠤᠨ ᠬᠢᠨ ᠦᠵᠡᠯ ᠰᠠᠨᠠᠭ᠎ᠠ ᠲᠠᠨᠢᠯᠲᠠ ᠪᠠᠨ ᠳᠡᠭᠡᠭᠰᠢᠯᠡᠭᠦᠯᠵᠦ᠂ ᠬᠠᠷᠢᠭᠤᠴᠠᠯᠭ᠎ᠠ ᠶᠢ ᠪᠤᠳᠠᠳᠠᠶᠢᠵᠢᠭᠤᠯᠤᠨ᠂  ᠭᠠᠯ ᠰᠡᠷᠭᠡᠶᠢᠯᠡᠬᠦ ᠠᠵᠢᠯ ᠢ ᠴᠠᠭ ᠢᠮᠠᠭᠲᠠ ᠴᠢᠬᠤᠯᠠ ᠪᠠᠶᠢᠷᠢᠨ ᠳᠤ ᠲᠠᠯᠪᠢᠬᠤ ᠬᠡᠷᠡᠭᠲᠡᠢ᠃ ᠭᠠᠯ  ᠰᠡᠷᠭᠡᠶᠢᠯᠡᠬᠦ ᠠᠵᠢᠯ ᠳᠤ ᠲᠤᠯᠭᠠᠷᠠᠵᠤ ᠪᠠᠶᠢᠭ᠎ᠠ ᠬᠦᠨᠳᠦ ᠨᠣᠴᠢᠲᠠᠢ ᠪᠠᠶᠢᠳᠠᠯ ᠢ ᠭᠦᠢᠴᠡᠳ ᠲᠠᠨᠢᠵᠤ᠂ ᠠᠯᠮᠠᠶᠢᠷᠠᠵᠤ ᠮᠢᠨᠴᠦᠭᠦᠷᠡᠬᠦ ᠦᠵᠡᠯ ᠰᠠᠨᠠᠭ᠎ᠠ ᠪᠠ  ᠠᠵᠠ ᠬᠠᠷᠠᠬᠤ ᠪᠤᠳᠤᠯ ᠰᠡᠳᠬᠢᠯᠭᠡ ᠶᠢ ᠡᠷᠡᠰ ᠲᠡᠪᠴᠢᠨ᠂ ᠠᠷᠠᠳ ᠤᠯᠠᠨ ᠤ ᠠᠮᠢ ᠨᠠᠰᠤ ᠡᠳ᠋ ᠬᠦᠷᠦᠩᠭᠡ ᠶᠢᠨ ᠠᠮᠤᠷ ᠲᠦᠪᠰᠢᠨ ᠪᠠ ᠠᠮᠢ ᠠᠬᠤᠢ ᠶᠢᠨ ᠠᠮᠤᠷ ᠲᠦᠪᠰᠢᠨ ᠢ ᠰᠠᠶᠢᠲᠤᠷ ᠬᠠᠮᠠᠭᠠᠯᠠᠬᠤ ᠬᠡᠷᠡᠭᠲᠡᠢ᠃  ᠵᠠᠩᠭᠢᠯᠠᠭ᠎ᠠ ᠶᠢᠨ ᠴᠠᠭ ᠬᠤᠭᠤᠴᠠᠭ᠎ᠠ ᠶᠢ ᠴᠢᠩᠭ᠎ᠠ ᠡᠵᠡᠮᠳᠡᠨ᠂ ︽ᠰᠡᠷᠭᠡᠶᠢᠯᠡᠯᠳᠡ ᠪᠠᠷ ᠤᠷᠢᠳᠠᠯ ᠪᠤᠯᠭᠠᠬᠤ︾ ᠤᠬᠠᠮᠰᠠᠷ ᠢ ᠪᠠᠲᠤ ᠪᠠᠬᠢ ᠪᠣᠶ ᠪᠣᠯᠭᠠᠵᠤ᠂  ᠬᠠᠩᠰᠢ ᠶᠢᠨ ᠬᠤᠭᠤᠴᠠᠭᠠᠨ ᠤ ᠭᠠᠯ ᠰᠡᠷᠭᠡᠶᠢᠯᠡᠬᠦ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠤᠨ᠂ ᠭᠠᠯ ᠤᠨ ᠢᠷᠡᠯᠲᠡ ᠶᠢ ᠬᠠᠮᠢᠶᠠᠷᠤᠨ ᠡᠵᠡᠮᠳᠡᠬᠦ ᠪᠠ ᠭᠤᠤᠯᠳᠠᠯᠭ᠎ᠠ ᠲᠠᠢ ᠣᠷᠣᠨ ᠪᠦᠰᠡ ᠶᠢ ᠬᠢᠨᠠᠨ ᠬᠠᠮᠢᠶᠠᠷᠬᠤ ᠪᠠᠨ ᠴᠢᠩᠭᠠᠳᠬᠠᠵᠤ᠂ ᠭᠠᠯ ᠰᠡᠷᠭᠡᠶᠢᠯᠡᠬᠦ ᠡᠳ᠋ ᠪᠣᠳᠠᠰ ᠢ ᠬᠦᠢᠴᠡᠳ ᠪᠡᠯᠡᠳᠬᠡᠨ᠂ ᠵᠢᠵᠢᠭᠦᠷᠯᠡᠨ ᠰᠠᠬᠢᠬᠤ ᠪᠠ ᠲᠣᠭᠤᠷᠢᠨ ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠵᠤ᠂ ᠬᠥᠮᠦᠨ ᠤ ᠰᠡᠷᠭᠡᠶᠢᠯᠡᠯᠳᠡ ᠪᠠ ᠮᠡᠷᠭᠡᠵᠢᠯ ᠤᠨ ᠰᠡᠷᠭᠡᠶᠢᠯᠡᠯᠳᠡ ᠶᠢ    ᠤᠶᠠᠯᠳᠤᠭᠤᠯᠵᠤ ᠪᠠᠶᠢᠭᠠᠳ᠂  ᠭᠠᠯ ᠲᠦᠢᠮᠡᠷ ᠤᠨ ᠰᠡᠷᠭᠡᠶᠢᠯᠡᠯᠳᠡ ᠶᠢ ᠥᠨᠴᠥᠭ ᠪᠤᠯᠤᠩ ᠦᠯᠡᠳᠡᠭᠡᠯ ᠥᠬᠡᠶ ᠦᠪᠴᠢ ᠬᠠᠮᠤᠷᠤᠭᠤᠯᠬᠤ ᠬᠡᠷᠡᠭᠲᠡᠶ᠃ ᠤᠬᠠᠭᠤᠯᠭ᠎ᠠ ᠶᠢᠨ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠣᠯᠠᠨ ᠲᠦᠮᠡᠨ ᠤ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠠᠵᠢᠯ ᠳᠤ ᠣᠷᠣᠯᠴᠠᠬᠤ ᠢᠳᠡᠪᠬᠢᠴᠢ ᠴᠢᠨᠠᠷ ᠪᠠ ᠬᠠᠷᠢᠭᠤᠴᠠᠯᠭᠠᠲᠤ ᠰᠡᠳᠬᠢᠯᠭᠡ ᠶᠢ ᠨᠡᠮᠡᠭᠳᠡᠬᠦᠯᠦᠨ᠂ ᠵᠠᠰᠠᠭ ᠤᠨ ᠣᠷᠳᠣᠨ ᠢᠶᠠᠷ ᠭᠤᠤᠯᠯᠠᠭᠤᠯᠬᠤ᠂ ᠨᠡᠶᠢᠭᠡᠮ ᠨᠡᠶᠢᠲᠡ ᠪᠠᠷ ᠢᠶᠠᠨ ᠣᠷᠣᠯᠴᠠᠬᠤ᠂ ᠣᠯᠠᠨ ᠲᠦᠮᠡᠨ ᠠᠰᠢᠭ ᠭᠥᠷᠳᠡᠬᠦ ᠰᠠᠶᠢᠨ ᠰᠠᠶᠢᠬᠠᠨ ᠪᠠᠶᠢᠳᠠᠯ ᠢ ᠪᠣᠶ ᠪᠣᠯᠭᠠᠬᠤ ᠬᠡᠷᠡᠭᠲᠡᠶ ᠭᠡᠵᠡᠢ᠃ ᠬᠤᠰᠢᠭᠤ ᠵᠠᠰᠠᠭ ᠤᠨ ᠣᠷᠳᠣᠨ ᠤ ᠠᠯᠪᠠᠨ ᠬᠡᠷ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ᠂ ᠣᠶ ᠰᠢᠭᠤᠶ ᠨᠤᠲᠤᠭ ᠪᠡᠯᠴᠢᠭᠡᠷ ᠤᠨ ᠲᠣᠪᠴᠢᠶ᠎ᠠ᠂ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ ᠶᠢᠨ ᠭᠤᠤᠯ ᠬᠠᠷᠢᠭᠤᠴᠠᠯᠭᠠᠲᠠᠨ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号