4 ᠰᠠᠷ᠎ᠠ ᠶᠢᠨ 7 ᠤ ᠡᠳᠦᠷ᠂ ᠲᠠᠶᠢᠹᠤᠰᠧ ᠬᠤᠰᠢᠭᠤ 2025 ᠣᠨ ᠤ ᠦᠨᠡᠨᠴᠢ ᠢᠲᠡᠭᠡᠮᠵᠢ ᠶᠢᠨ | ᠪᠠᠶᠢᠭᠤᠯᠤᠯᠲᠠ ᠶᠢᠨ ᠭᠤᠤᠯᠳᠠᠯᠭ᠎ᠠ ᠲᠠᠢ ᠠᠵᠢᠯ ᠢ ᠠᠬᠢᠭᠤᠯᠬᠤ ᠬᠤᠷᠠᠯ ᠬᠤᠷᠠᠯᠳᠤᠭᠤᠯᠵᠤ᠂ ᠬᠤᠰᠢᠭᠤᠨ ᠤ ᠨᠠᠮ ᠤᠨ | ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠽᠦᠸᠧ ᡁᠢ ᠭᠦᠸᠧ᠂ ᠳᠡᠳ᠋ | ᠬᠤᠰᠢᠭᠤ ᠳᠠᠷᠤᠭ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠳᠠᠷᠤᠭ᠎ᠠ ᠳ᠋ᠢᠩ ᡁᠢ ᠴᠢᠶᠠᠩ ᠬᠤᠷᠠᠯ ᠳᠤ | ᠤᠷᠤᠯᠴᠠᠨ᠂ ᠬᠠᠤᠯᠢ ᠴᠠᠭᠠᠵᠠ ᠶᠢᠨ ᠲᠣᠪᠴᠢᠶᠠᠨ ᠤ ᠳᠠᠷᠤᠭ᠎ᠠ ᠽᠦᠸᠧ ᠲᠠᠢ ᠬᠤᠷᠠᠯ ᠢ ᠡᠷᠭᠢᠯᠡᠪᠡ᠃ ᠬᠤᠷᠠᠯ ᠠᠴᠠ᠂ | ᠡᠯ᠎ᠡ ᠰᠠᠯᠠᠭ᠎ᠠ ᠮᠥᠴᠢᠷ ᠤᠨ ᠬᠢᠨ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠴᠢᠬᠤᠯᠠ ᠴᠢᠨᠠᠷ ᠢ ᠭᠦᠢᠴᠡᠳ | ᠲᠠᠨᠢᠵᠤ᠂ ᠵᠠᠰᠠᠭ ᠤᠨ ᠶᠠᠪᠤᠳᠠᠯ ᠤᠨ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢ ᠦᠷᠭᠦᠯᠵᠢᠯᠡᠨ | ᠭᠦᠨᠵᠡᠭᠡᠶᠢᠷᠡᠭᠦᠯᠵᠦ᠂ ᠠᠷᠢᠭᠤᠨ ᠴᠢᠬᠡᠴᠢ ᠵᠠᠰᠠᠭ ᠤᠨ ᠣᠷᠳᠣᠨ ᠢ ᠪᠠᠶᠢᠭᠤᠯᠤᠨ᠂ ᠬᠤᠳᠠᠯᠳᠤᠭᠠᠨ ᠤ ᠶᠠᠪᠤᠳᠠᠯ ᠤᠨ | ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢ ᠬᠦᠴᠦᠯᠡᠨ ᠴᠢᠩᠭᠠᠳᠬᠠᠵᠤ᠂ ᠡᠷᠬᠡ ᠲᠡᠭᠰᠢ ᠪᠠᠷ ᠦᠷᠢᠰᠦᠯᠳᠦᠬᠦ ᠵᠠᠬ᠎ᠠ | ᠳᠡᠯᠭᠡᠭᠦᠷ ᠤᠨ ᠣᠷᠴᠢᠨ ᠨᠦᠬᠦᠴᠡᠯ ᠢ ᠪᠤᠢ ᠪᠤᠯᠭᠠᠨ᠂ ᠨᠡᠶᠢᠭᠡᠮ ᠤᠨ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢ | ᠥᠷᠭᠡᠨ ᠢᠶᠠᠷ ᠥᠷᠨᠢᠭᠦᠯᠵᠦ᠂ ᠦᠨᠡᠨᠴᠢ ᠢᠲᠡᠭᠡᠮᠵᠢᠲᠡᠢ ᠨᠡᠶᠢᠭᠡᠮ ᠤᠨ ᠬᠡᠪ ᠰᠤᠷᠲᠠᠯ ᠢ ᠲᠡᠯᠭᠡᠷᠡᠬᠦᠯᠦᠨ᠂ ᠬᠠᠤᠯᠢ | ᠴᠠᠭᠠᠵᠠ ᠶᠢᠨ ᠨᠡᠶᠢᠲᠡ ᠶᠢᠨ ᠢᠲᠡᠭᠡᠮᠵᠢ ᠶᠢᠨ ᠪᠠᠶᠢᠭᠤᠯᠤᠯᠲᠠ ᠶᠢ ᠶᠡᠬᠡᠪᠡᠷ ᠴᠢᠩᠭᠠᠳᠬᠠᠵᠤ᠂ ᠨᠡᠶᠢᠭᠡᠮ ᠤᠨ ᠲᠥᠪ | ᠭᠤᠣᠯᠴᠢ ᠰᠢᠳᠤᠷᠭᠤ ᠶᠣᠰᠣ ᠶᠢ ᠬᠠᠮᠠᠭᠠᠯᠠᠬᠤ ᠬᠡᠷᠡᠭᠲᠡᠢ᠃ ᠡᠯ᠎ᠡ ᠰᠠᠯᠠᠭ᠎ᠠ ᠮᠥᠴᠢᠷ ᠤᠨ ᠬᠢᠨ ᠨᠢᠭᠡᠳᠦᠯᠲᠡᠶ | ᠲᠥᠯᠥᠪᠯᠡᠨ ᠵᠣᠬᠢᠴᠠᠭᠤᠯᠬᠤ ᠪᠠᠨ ᠴᠢᠩᠭᠠᠳᠬᠠᠵᠤ᠂ ᠠᠵᠢᠯ ᠤᠨ ᠬᠠᠮᠳᠤᠷᠠᠯ ᠬᠦᠴᠦᠨ ᠢ ᠪᠣᠶ ᠪᠤᠯᠭᠠᠨ᠂ ᠡᠯ᠎ᠡ | ᠲᠤᠰᠬᠠᠢ ᠳᠤᠭᠤᠶᠢᠯᠠᠩ ᠤᠨ ᠬᠢᠨ ᠠᠵᠢᠯ ᠡᠭᠦᠷᠭᠡ ᠶᠢᠨ ᠨᠠᠶᠢᠳᠠᠪᠤᠷᠢᠵᠢᠭᠤᠯᠤᠯᠳᠠ ᠶᠢ ᠯᠠᠪᠳᠠᠭᠤᠨ ᠪᠠᠲᠤᠲᠠᠢ | ᠠᠬᠢᠭᠤᠯᠤᠨ᠂ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠠᠵᠢᠯ ᠤᠨ ᠦᠨᠡᠨ ᠪᠣᠳᠠᠲᠠᠢ ᠦᠷ᠎ᠡ ᠪᠦᠲᠦᠮᠵᠢ | ᠤᠯᠬᠤ ᠶᠢ ᠪᠠᠲᠤᠯᠠᠬᠤ ᠬᠡᠷᠡᠭᠲᠡᠢ ᠬᠡᠵᠦ ᠴᠢᠬᠤᠯᠠᠴᠢᠯᠠᠭᠰᠠᠨ ᠪᠠᠶᠢᠨ᠎ᠠ᠃ ᠬᠤᠷᠠᠯ ᠲᠡᠭᠡᠷ᠎ᠡ ︽ᠲᠠᠶᠢᠹᠤᠰᠧ | ᠬᠤᠰᠢᠭᠤᠨ ᠤ 2025 ᠣᠨ ᠤ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ ᠤᠨ | ᠭᠤᠣᠯᠳᠠᠯᠭ᠎ᠠ ᠲᠠᠢ ᠠᠵᠢᠯ ᠡᠭᠦᠷᠭᠡ︾ ᠶᠢ ᠤᠯᠠᠮᠵᠢᠯᠠᠵᠤ᠂ ᠵᠠᠰᠠᠭ ᠤᠨ ᠶᠠᠪᠤᠳᠠᠯ ᠤᠨ ᠦᠨᠡᠨᠴᠢ ᠢᠲᠡᠭᠡᠮᠵᠢ᠂ | ᠬᠤᠳᠠᠯᠳᠤᠭᠠᠨ ᠤ ᠶᠠᠪᠤᠳᠠᠯ ᠤᠨ ᠦᠨᠡᠨᠴᠢ ᠢᠲᠡᠭᠡᠮᠵᠢ᠂ ᠨᠡᠶᠢᠭᠡᠮ ᠤᠨ ᠦᠨᠡᠨᠴᠢ ᠢᠲᠡᠭᠡᠮᠵᠢ᠂ ᠬᠠᠤᠯᠢ ᠴᠠᠭᠠᠵᠠ ᠶᠢᠨ | ᠨᠡᠶᠢᠲᠡ ᠶᠢᠨ ᠢᠲᠡᠭᠡᠮᠵᠢ ᠵᠡᠷᠭᠡ ᠠᠵᠢᠯ ᠤᠨ ᠠᠬᠢᠴᠠ ᠶᠢᠨ ᠲᠤᠬᠠᠢ ᠬᠠᠷᠢᠭᠤ ᠮᠡᠳᠡᠬᠦᠯᠦᠯᠳᠡ ᠰᠣᠨᠣᠰᠪᠠ᠃ | ᠬᠤᠰᠢᠭᠤᠨ ᠤ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ ᠤᠨ ᠡᠯ᠎ᠡ ᠲᠤᠰᠬᠠᠶ ᠠᠩᠭᠢ ᠶᠢᠨ | ᠬᠠᠷᠢᠭᠤᠴᠠᠯᠭᠠᠲᠠᠨ᠂ ᠡᠯ᠎ᠡ ᠰᠤᠮᠤ ᠰᠢᠶᠠᠩ ᠪᠠᠯᠭᠠᠰᠤ᠂ ᠬᠤᠰᠢᠭᠤᠨ ᠤ ᠬᠠᠮᠢᠶ᠎ᠠ ᠪᠦᠬᠦᠢ ᠰᠠᠯᠠᠭ᠎ᠠ ᠮᠦᠴᠢᠷ᠂ | ᠲᠠᠶᠢᠹᠤᠰᠧ ᠳᠤ ᠰᠠᠭᠤᠭ᠎ᠠ ᠡᠯ᠎ᠡ ᠨᠢᠭᠡᠴᠡ ᠶᠢᠨ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠶ᠃ |