4 ᠰᠠᠷ᠎ᠠ ᠶᠢᠨ 7 ᠤ ᠡᠳᠦᠷ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤ ᠳᠠᠷᠤᠭ᠎ᠠ ᠶᠢᠨ | ᠵᠢᠱᠢᠭᠳᠡᠭᠴᠢ ᠵᠠᠩ ᠶᠦᠩ ᡁᠢ ᠪᠤᠤᠴᠠᠩ ᠪᠠᠯᠭᠠᠰᠤ᠂ ᠴᠢᠶᠠᠨ ᠶᠢᠨ ᠭᠸᠦ ᠪᠠᠯᠭᠠᠰᠤᠨ ᠳᠤ ᠭᠦᠨᠵᠡᠭᠡᠶᠢᠷᠡᠵᠦ᠂ | ᠣᠶᠢᠷ᠎ᠠ ᠶᠢᠨ ᠬᠤᠭᠤᠴᠠᠭᠠᠨ ᠤ ᠭᠤᠤᠯᠳᠠᠯᠭ᠎ᠠ ᠲᠠᠢ ᠠᠵᠢᠯ ᠤᠨ ᠪᠠᠶᠢᠳᠠᠯ ᠳᠤ ᠪᠠᠶᠢᠴᠠᠭᠠᠨ ᠰᠤᠳᠤᠯᠤᠯᠳᠠ ᠬᠢᠵᠡᠢ᠃ | ᠵᠠᠩ ᠶᠦᠩ ᡁᠢ ᠤᠷᠢᠳ ᠬᠤᠵᠢᠳ ᠲᠠᠢ ᠰᠢ ᠲᠡᠮᠦᠷ ᠵᠠᠮ ᠤᠨ ᠰᠢ ᠱᠠᠨ ᠫᠦᠸᠧ ᠦᠷᠳᠡᠭᠡ᠂ ᠭᠦᠨᠪᠤᠯᠠᠭ | ᠰᠤᠷᠭᠠᠭᠤᠯᠢ᠂ ᠨᠢᠭᠡᠳᠦᠭᠡᠷ ᠪᠠᠭ᠎ᠠ ᠰᠤᠷᠭᠠᠭᠤᠯᠢ᠂ ᠲᠠᠪᠤᠳᠤᠭᠠᠷ ᠪᠠᠭ᠎ᠠ ᠰᠤᠷᠭᠠᠭᠤᠯᠢ ᠳᠤ ᠬᠦᠷᠴᠦ᠂ ᠲᠦᠷᠦᠯ | ᠵᠦᠢᠯ ᠤᠨ ᠪᠠᠶᠢᠭᠤᠯᠤᠯᠲᠠ᠂ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ᠂ ᠨᠡᠶᠢᠳᠡᠮ ᠭᠡᠷᠡᠭᠯᠡᠬᠦ ᠦᠬᠡ | ᠬᠡᠯᠡ ᠦᠰᠦᠭ ᠪᠢᠴᠢᠭ ᠤᠨ ᠰᠤᠷᠭᠠᠨ ᠬᠥᠮᠦᠵᠢᠯ ᠂ ᠰᠤᠷᠭᠠᠭᠤᠯᠢ ᠶᠢᠨ ᠬᠦᠷᠢᠶᠡᠨ ᠤ ᠬᠤᠭᠤᠯᠠ ᠤᠮᠳᠠ ᠶᠢᠨ | ᠲᠤᠰᠬᠠᠢ ᠴᠡᠭᠴᠡᠯᠡᠯᠳᠡ ᠵᠡᠷᠭᠡ ᠠᠵᠢᠯ ᠤᠨ ᠪᠠᠶᠢᠳᠠᠯ ᠢ ᠤᠶᠢᠯᠠᠭᠠᠭᠰᠠᠨ ᠪᠠᠶᠢᠨ᠎ᠠ᠃ ᠵᠠᠩ ᠶᠦᠩ ᡁᠢ ᠴᠢᠬᠤᠯᠠᠴᠢᠯᠠᠬᠤ | ᠳᠠᠭᠠᠨ᠂ ᠲᠡᠮᠦᠷ ᠵᠠᠮ ᠤᠨ ᠪᠠᠶᠢᠭᠤᠯᠤᠯᠲᠠ ᠨᠢ ᠪᠦᠬᠦ ᠬᠤᠰᠢᠭᠤᠨ ᠤ ᠠᠵᠤ ᠠᠬᠤᠢ ᠨᠡᠶᠢᠭᠡᠮ ᠤᠨ ᠬᠥᠭᠵᠢᠯᠲᠡ ᠲᠠᠢ | ᠬᠤᠯᠪᠤᠭᠳᠠᠬᠤ ᠪᠤᠯᠬᠤᠷ᠂ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠢᠨ ᠲᠦᠷᠦᠯ ᠵᠦᠢᠯ ᠤᠨ ᠪᠠᠶᠢᠭᠤᠯᠤᠯᠲᠠ ᠶᠢᠨ | ᠲᠣᠭᠤᠷᠢᠨ ᠳᠤ ᠪᠠᠳᠤᠯᠠᠭᠠᠨ ᠤ ᠠᠵᠢᠯ ᠢ ᠰᠠᠶᠢᠨ ᠬᠢᠵᠦ᠂ ᠲᠦᠷᠦᠯ ᠵᠦᠢᠯ ᠤᠨ ᠤᠷᠤᠭᠰᠢᠲᠠᠢ ᠶᠠᠪᠤᠭᠳᠠᠬᠤ ᠶᠢ | ᠪᠠᠲᠤᠯᠠᠬᠤ ᠬᠡᠷᠡᠭᠲᠡᠢ᠃ ᠰᠤᠷᠭᠠᠨ ᠬᠥᠮᠦᠵᠢᠯ ᠤᠨ ᠰᠠᠯᠠᠭ᠎ᠠ ᠮᠥᠴᠢᠷ ᠨᠢ ᠪᠥᠬᠦ ᠬᠤᠰᠢᠭᠤᠨ ᠤ ᠰᠤᠷᠭᠠᠨ ᠬᠥᠮᠦᠵᠢᠯ | ᠤᠨ ᠬᠢᠷᠢ ᠲᠦᠪᠰᠢᠨ ᠢ ᠳᠡᠭᠡᠭᠰᠢᠯᠡᠭᠦᠯᠬᠦ ᠶᠢᠨ ᠴᠢᠬᠤᠯᠠ ᠴᠢᠨᠠᠷ ᠢ ᠭᠦᠨᠵᠡᠭᠡᠶ ᠲᠠᠨᠢᠵᠤ᠂ ᠪᠠᠭᠰᠢ ᠶᠢᠨ ᠬᠦᠴᠦᠨ ᠤ | ᠣᠷᠣᠭᠤᠯᠤᠯᠲᠠ ᠶᠢ ᠤᠯᠠᠮ ᠨᠡᠮᠡᠭᠳᠡᠭᠦᠯᠦᠨ᠂ ᠰᠤᠷᠭᠠᠨ ᠬᠥᠮᠦᠵᠢᠯ ᠤᠨ ᠮᠡᠳᠡᠭᠡ ᠵᠠᠩᠭᠢᠵᠢᠯᠲᠠ ᠶᠢᠨ ᠪᠠᠶᠢᠭᠤᠯᠤᠯᠲᠠ ᠶᠢ | ᠴᠢᠩᠭᠠᠳᠬᠠᠵᠤ᠂ ᠪᠥᠬᠦ ᠬᠤᠰᠢᠭᠤᠨ ᠤ ᠰᠤᠷᠭᠠᠨ ᠬᠥᠮᠦᠵᠢᠯ ᠤᠨ ᠪᠦᠬᠦᠯᠢ ᠴᠣᠭᠴᠠ ᠶᠢᠨ ᠶᠠᠰᠤ ᠴᠢᠨᠠᠷ ᠢ | ᠳᠡᠭᠡᠭᠰᠢᠯᠡᠭᠦᠯᠬᠦ ᠬᠡᠷᠡᠭᠲᠡᠶ᠃ ︽ᠰᠤᠷᠭᠠᠭᠤᠯᠢ ᠶᠢᠨ ᠬᠦᠷᠢᠶᠡᠨ ᠤ ᠬᠤᠭᠤᠯᠠ ᠤᠮᠳᠠ︾ ᠶᠢᠨ ᠲᠤᠰᠬᠠᠢ | ᠴᠡᠭᠴᠡᠯᠡᠯᠲᠠ ᠶᠢ ᠴᠢᠩᠭ᠎ᠠ ᠮᠦᠷᠳᠡᠭᠡᠨ ᠪᠣᠳᠠᠲᠠᠢ ᠠᠳᠬᠤᠵᠤ᠂ ᠬᠠᠷᠢᠭᠤ ᠲᠤᠰᠬᠠᠭᠰᠠᠨ ᠠᠰᠠᠭᠤᠳᠠᠯ ᠳᠤ | ᠠᠩᠬᠠᠷᠤᠯ ᠢᠶᠠᠨ ᠲᠥᠪᠯᠡᠷᠡᠭᠦᠯᠦᠨ ᠴᠡᠭᠴᠡᠯᠡᠨ ᠰᠠᠶᠢᠵᠢᠷᠠᠭᠤᠯᠬᠤ ᠠᠵᠢᠯ ᠢ ᠰᠠᠶᠢᠲᠤᠷ ᠨᠠᠶᠢᠳᠠᠪᠤᠷᠢᠵᠢᠭᠤᠯᠵᠤ᠂ | ᠰᠤᠷᠭᠠᠭᠤᠯᠢ ᠶᠢᠨ ᠬᠦᠷᠢᠶᠡᠨ ᠤ ᠬᠤᠭᠤᠯᠠ ᠤᠮᠳᠠ ᠶᠢᠨ ᠠᠮᠤᠷ ᠲᠦᠪᠰᠢᠨ ᠤ ᠬᠤᠷᠢᠭ᠎ᠠ ᠱᠤᠭᠤᠮ ᠢ ᠪᠠᠲᠤ ᠰᠠᠬᠢᠬᠤ | ᠬᠡᠷᠡᠭᠲᠡᠢ ᠭᠡᠪᠡ᠃ ᠵᠠᠩ ᠶᠦᠩ ᡁᠢ ᠪᠠᠰᠠ ᠬᠤᠲᠠ ᠶᠢᠨ ᠲᠣᠭᠤᠷᠢᠭ ᠤᠨ ᠬᠦᠪᠡᠭᠡ ᠵᠠᠬ᠎ᠠ ᠶᠢᠨ ᠭᠠᠵᠠᠷ ᠰᠢᠷᠣᠶ ᠶᠢᠨ | ᠠᠰᠢᠭᠯᠠᠯᠲᠠ ᠶᠢᠨ ᠪᠠᠶᠢᠳᠠᠯ ᠢ ᠪᠠᠶᠢᠴᠠᠭᠠᠨ ᠰᠤᠳᠤᠯᠬᠤ ᠳᠠᠭᠠᠨ᠂ ᠭᠠᠵᠠᠷ ᠰᠢᠷᠣᠶ ᠶᠢ ᠠᠷᠪᠢᠲᠠᠶ ᠪᠦᠭᠡᠳ ᠡᠷᠴᠢᠮᠯᠢᠭ | ᠬᠡᠷᠡᠭᠯᠡᠬᠦ ᠠᠵᠢᠯ ᠢ ᠦᠷᠭᠦᠯᠵᠢᠯᠡᠨ ᠰᠠᠶᠢᠲᠤᠷ ᠠᠳᠬᠤᠵᠤ᠂ ᠦᠯᠡᠳᠡᠭᠡᠯ ᠭᠠᠵᠠᠷ ᠰᠢᠷᠣᠶ ᠶᠢ ᠠᠮᠢᠳᠤᠯᠢᠭ ᠪᠣᠯᠭᠠᠬᠤ | ᠡᠷᠴᠢᠮ ᠪᠠ ᠰᠤᠯᠠ ᠪᠠᠶᠢᠭ᠎ᠠ ᠭᠠᠵᠠᠷ ᠰᠢᠷᠣᠶ ᠶᠢ ᠰᠢᠢᠳᠪᠦᠷᠢᠯᠡᠬᠦ ᠡᠷᠴᠢᠮ ᠢᠶᠠᠨ ᠴᠢᠩᠭᠠᠷᠠᠭᠤᠯᠵᠤ᠂ ᠭᠠᠵᠠᠷ | ᠰᠢᠷᠣᠶ ᠶᠢᠨ ᠦᠷ᠎ᠡ ᠠᠰᠢᠭ ᠢ ᠬᠠᠮᠤᠭ ᠤᠨ ᠶᠡᠭᠡ ᠪᠤᠯᠭᠠᠨ᠂ ᠪᠥᠬᠦ ᠬᠤᠰᠢᠭᠤᠨ ᠤ ᠠᠵᠤ ᠠᠬᠤᠶ ᠨᠡᠶᠢᠭᠡᠮ ᠤᠨ | ᠬᠥᠭᠵᠢᠯᠲᠡ ᠳᠤ ᠭᠠᠵᠠᠷ ᠰᠢᠷᠣᠶ ᠶᠢᠨ ᠡᠬᠢ ᠪᠠᠶᠠᠯᠢᠭ ᠤᠨ ᠬᠦᠴᠦᠲᠡᠶ ᠪᠠᠲᠤᠯᠠᠭ᠎ᠠ ᠬᠠᠩᠭᠠᠬᠤ ᠬᠡᠷᠡᠭᠲᠡᠶ ᠭᠡᠵᠦ | ᠴᠢᠬᠤᠯᠠᠴᠢᠯᠠᠭᠰᠠᠨ ᠪᠠᠶᠢᠨ᠎ᠠ᠃ ᠲᠡᠳ᠋ ᠬᠤᠰᠢᠭᠤ ᠲᠠᠷᠤᠭ᠎ᠠ ᠯᠢ ᠳ᠋ᠦᠩ ᠯᠢᠨ᠂ ᠾᠧ ᠳ᠋ᠢᠩ ᠵᠢᠴᠢ ᠵᠠᠰᠠᠭ ᠤᠨ | ᠣᠷᠳᠣᠨ ᠤ ᠠᠯᠪᠠᠨ ᠬᠡᠷ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠦᠪᠯᠡᠯ᠂ ᠣᠷᠣᠨ ᠰᠠᠭᠤᠴᠠ ᠪᠠ ᠬᠤᠲᠠ | ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠤᠪᠴᠢᠶ᠎ᠠ᠂ ᠵᠠᠮ ᠬᠠᠷᠢᠯᠴᠠᠭᠠᠨ ᠤ ᠲᠤᠪᠴᠢᠶ᠎ᠠ᠂ ᠰᠤᠷᠭᠠᠨ | ᠬᠥᠮᠦᠵᠢᠯ ᠤᠨ ᠲᠤᠪᠴᠢᠶ᠎ᠠ᠂ ᠪᠠᠶᠢᠭᠠᠯᠢ ᠶᠢᠨ ᠡᠬᠢ ᠪᠠᠶᠠᠯᠢᠭ ᠤᠨ ᠲᠤᠪᠴᠢᠶ᠎ᠠ᠂ ᠬᠤᠲᠠ ᠶᠢᠨ ᠬᠠᠮᠢᠶᠠᠷᠤᠯᠲᠠ ᠶᠢᠨ | ᠲᠤᠪᠴᠢᠶᠠᠨ ᠤ ᠭᠤᠤᠯ ᠬᠠᠷᠢᠭᠤᠴᠠᠯᠭᠠᠲᠠᠨ ᠪᠠᠶᠢᠴᠠᠭᠠᠨ ᠰᠤᠳᠤᠯᠤᠯᠲᠠ ᠳᠤ ᠤᠷᠤᠯᠴᠠᠵᠠᠢ᠃ |