ᠬᠠᠩᠰᠢ ᠤᠷᠤᠵᠤ ᠲᠡᠭᠷᠢ ᠲᠤᠯᠠᠭᠠᠷᠠᠬᠤ ᠶᠢ ᠳᠠᠭᠠᠯᠳᠤᠨ᠂ ᠲᠠᠶᠢᠹᠤᠰᠧ ᠬᠤᠰᠢᠭᠤᠨ ᠤ ᠬᠠᠪᠤᠷ ᠤᠨ | ᠲᠠᠷᠢᠶᠠᠯᠠᠭ᠎ᠠ ᠶᠢᠨ ᠪᠡᠯᠡᠳᠭᠡᠯ ᠠᠵᠢᠯ ᠪᠦᠬᠦ ᠲᠠᠯ᠎ᠠ ᠪᠠᠷ ᠥᠷᠨᠢᠵᠦ᠂ ᠲᠠᠷᠢᠶᠠᠯᠠᠩ ᠤᠨ ᠮᠠᠰᠢᠨ ᠤ ᠵᠠᠬ᠎ᠠ ᠳᠡᠯᠭᠡᠭᠦᠷ ᠬᠦᠷ | ᠬᠥᠭᠵᠢᠶᠡᠨ ᠢᠶᠠᠷ ᠪᠢᠯᠬᠠᠨ᠎ᠠ᠃ ᠣᠶᠢᠷ᠎ᠠ ᠶᠢᠨ ᠵᠢᠯ ᠳᠤ᠂ ᠡᠯ᠎ᠡ ᠵᠦᠢᠯ ᠤᠨ ᠨᠥᠬᠦᠪᠥᠷᠢ ᠮᠦᠩᠬᠦ ᠲᠠᠰᠤᠷᠠᠯᠲᠠ ᠥᠬᠡᠶ | ᠨᠡᠮᠡᠭᠳᠡᠬᠦ ᠶᠢ ᠲᠠᠭᠠᠯᠳᠤᠭᠠᠳ᠂ ᠮᠠᠯᠴᠢᠨ ᠲᠠᠷᠢᠶᠠᠴᠢᠨ ᠤ ᠲᠠᠷᠢᠶᠠᠯᠠᠩ ᠤᠨ ᠮᠠᠰᠢᠨ ᠬᠤᠳᠠᠯᠳᠤᠨ ᠠᠪᠬᠤ ᠢᠳᠡᠪᠬᠢᠵᠢᠯ | ᠴᠦ ᠤᠯᠠᠮ ᠠᠴᠠ ᠤᠯᠠᠮ ᠥᠨᠳᠥᠷ ᠪᠤᠯᠵᠠᠢ᠃ ᠰᠤᠷᠪᠤᠯᠵᠢᠯᠠᠭᠴᠢ ᠲᠠᠷᠢᠶᠠᠯᠠᠩ ᠤᠨ ᠮᠠᠰᠢᠨ ᠤ ᠵᠠᠬ᠎ᠠ ᠲᠡᠯᠬᠡᠬᠦᠷ ᠢᠶᠠᠷ | ᠬᠦᠷᠴᠦ ᠦᠵᠡᠬᠦ ᠳᠤ᠂ ᠲᠥᠷᠥ ᠶᠢᠨ ᠪᠣᠳᠣᠯᠭ᠎ᠠ ᠶᠢᠨ ᠳᠡᠮᠵᠢᠯᠭᠡ᠂ ᠭᠡᠷᠡᠭᠴᠡᠭᠡᠨ ᠤ ᠨᠡᠮᠡᠭᠳᠡᠯ ᠵᠢᠴᠢ ᠲᠠᠷᠢᠶᠠᠯᠠᠩ ᠤᠨ | ᠤᠳᠤᠬᠢᠴᠢᠯᠠᠭᠰᠠᠨ ᠬᠡᠯᠪᠡᠷᠢ ᠶᠢᠨ ᠬᠤᠪᠢᠷᠠᠯᠳᠠ ᠵᠡᠷᠭᠡ ᠣᠯᠠᠨ ᠲᠠᠯ᠎ᠠ ᠶᠢᠨ ᠠᠬᠢᠭᠤᠯᠭ᠎ᠠ ᠳᠣᠤᠷ᠎ᠠ᠂ ᠡᠨᠡ ᠵᠢᠯ ᠤᠨ | ᠲᠠᠷᠢᠶᠠᠯᠠᠩ ᠤᠨ ᠮᠠᠰᠢᠨ ᠤ ᠵᠠᠬ᠎ᠠ ᠳᠡᠯᠭᠡᠭᠦᠷ ᠲᠤ ︽ᠬᠠᠩᠭᠠᠯᠭ᠎ᠠ ᠬᠡᠷᠡᠭᠴᠡᠭᠡ︾ ᠵᠡᠷᠭᠡ ᠪᠠᠷ ᠨᠡᠮᠡᠭᠳᠡᠭᠰᠡᠨ ᠪᠠᠶᠢᠳᠠᠯ | ᠢᠯᠡᠷᠡᠵᠦ᠂ ᠬᠠᠪᠤᠷ ᠤᠨ ᠲᠠᠷᠢᠶᠠᠯᠠᠭ᠎ᠠ ᠳᠤ ᠡᠷᠴᠢ ᠬᠦᠴᠦᠲᠡᠶ ︽ ᠰᠢᠨᠵᠢᠯᠡᠭᠡ ᠮᠡᠷᠭᠡᠵᠢᠯ ᠤᠨ ᠬᠥᠳᠡᠯᠭᠡᠬᠦ ᠬᠦᠴᠦᠨ︾ | ᠨᠡᠮᠡᠷᠢᠯᠡᠵᠦ ᠪᠠᠶᠢᠬᠤ ᠶᠢ ᠤᠯᠵᠤ ᠬᠠᠷᠠᠯ᠎ᠠ᠃ | ᠪᠤᠤᠴᠠᠩ ᠤᠨ ᠨᠢᠬᠡᠨ ᠡᠷᠦᠬᠡ ᠲᠠᠷᠢᠶᠠᠯᠠᠩ ᠤᠨ ᠮᠠᠰᠢᠨ ᠤ ᠪᠣᠷᠣᠯᠠᠭᠤᠯᠭ᠎ᠠ ᠶᠢᠨ ᠴᠡᠭ ᠲᠤ ᠬᠦᠷᠬᠦᠶ᠎ᠡ᠂ ᠶᠡᠭᠡ | ᠪᠠᠭ᠎ᠠ ᠲᠠᠷᠢᠶᠠᠯᠠᠩ ᠤᠨ ᠮᠠᠰᠢᠨ ᠨᠤᠭᠤᠳ ᠢ ᠲᠡᠷᠢ ᠲᠡᠭᠰᠢ ᠵᠢᠬᠰᠠᠭᠠᠭᠠᠳ᠂ ᠡᠯ᠎ᠡ ᠵᠦᠢᠯ ᠤᠨ ᠲᠦᠷᠦᠯ ᠲᠡᠮᠳᠡᠭ᠂ | ᠬᠡᠯᠪᠡᠷᠢ ᠮᠠᠶ᠋ᠢᠭ ᠤᠨ ᠮᠠᠰᠢᠨ ᠲᠦᠬᠦᠭᠡᠷᠦᠮᠵᠢ ᠪᠦᠷᠢᠨ ᠭᠦᠢᠴᠡᠳ ᠪᠠᠶᠢᠵᠤ᠂ ᠬᠤᠳᠠᠯᠳᠤᠨ ᠠᠪᠬᠤ ᠬᠥᠮᠦᠰ ᠨᠢᠭᠡ | ᠰᠠᠤᠷᠢ ᠲᠠᠷᠢᠶᠠᠯᠠᠩ ᠤᠨ ᠮᠠᠰᠢᠨ ᠤ ᠬᠠᠵᠠᠭᠤ ᠳᠤ ᠪᠦᠬᠡᠮᠨᠡᠷᠡᠨ᠂ ᠰᠢᠨᠵᠢ ᠴᠢᠨᠠᠷ᠂ ᠦᠨ᠎ᠡ ᠬᠠᠩᠰᠢ ᠶᠢᠨ ᠲᠤᠬᠠᠢ | ᠲᠠᠶᠢᠯᠪᠤᠷᠢᠯᠠᠵᠤ ᠲᠠᠨᠢᠯᠴᠠᠭᠤᠯᠬᠤ ᠶᠢ ᠰᠣᠨᠣᠰᠴᠤ ᠪᠠᠶᠢᠯ᠎ᠠ᠃ ᠪᠣᠷᠣᠯᠠᠭᠤᠯᠤᠭᠴᠢ ᠠᠴᠠ ᠲᠠᠷᠢᠶᠠᠯᠠᠩ ᠤᠨ ᠮᠠᠰᠢᠨ ᠤ | ᠭᠡᠷᠡᠭᠯᠡᠬᠦ ᠠᠷᠭ᠎ᠠ᠂ ᠲᠣᠰᠣᠨ ᠤ ᠬᠤᠷᠣᠭᠳᠠᠯ᠂ ᠠᠶᠤᠯᠬᠦᠢ ᠶᠢᠨ ᠴᠢᠳᠠᠪᠤᠷᠢ᠂ ᠡᠳᠦᠷ ᠲᠤᠲᠤᠮ ᠤᠨ ᠬᠠᠮᠠᠭᠠᠯᠠᠯᠲᠠ᠂ | ᠪᠣᠷᠣᠯᠠᠭᠤᠯᠭ᠎ᠠ ᠶᠢᠨ ᠳᠠᠷᠠᠭᠠᠬᠢ ᠦᠢᠯᠡᠴᠢᠯᠡᠭᠡ ᠪᠠ ᠨᠥᠬᠦᠪᠥᠷᠢ ᠶᠢᠨ ᠲᠥᠷᠥ ᠶᠢᠨ ᠪᠣᠳᠣᠯᠭ᠎ᠠ ᠵᠡᠷᠭᠡ ᠶᠢ ᠨᠠᠷᠢᠨ | ᠲᠠᠨᠢᠯᠴᠠᠭᠤᠯᠪᠠ᠃ | ᠳᠡᠯᠭᠡᠭᠦᠷ ᠤᠨ ᠳᠠᠭᠠᠭᠠᠮᠠᠯ ᠳ᠋ᠦ᠋ ᠶᠦᠩ ᠹᠧᠩ᠄ ︽ᠵᠢᠱᠢᠶᠡᠯᠡᠪᠡᠯ ᠡᠨᠡ ᠲᠷᠠᠺᠲ᠋ᠣᠷ ᠤᠨ ᠦᠨ᠎ᠡ ᠨᠢ 26.5 | ᠲᠦᠮᠡᠨ ᠲᠥᠭᠦᠷᠢᠭ ᠣᠷᠴᠢᠮ᠂ ᠤᠯᠤᠰ ᠠᠴᠠ 3.28 ᠲᠦᠮᠡᠨ ᠲᠥᠭᠦᠷᠢᠭ ᠨᠦᠬᠦᠪᠦᠷᠢᠯᠡᠬᠦ ᠪᠤᠯᠬᠤᠷ ᠦᠪᠡᠰᠦᠪᠡᠨ | 22 ᠲᠦᠮᠡᠨ ᠲᠥᠭᠦᠷᠢᠭ ᠭᠠᠷᠭᠠᠪᠠᠯ ᠪᠤᠯᠴᠢᠬᠠᠨ᠎ᠠ᠂ ᠪᠢᠳᠡ ᠪᠠᠰᠠ ᠬᠤᠶᠠᠷ ᠵᠢᠯ ᠤᠨ ᠴᠢᠨᠠᠷ ᠤᠨ ᠪᠠᠲᠤᠯᠠᠭ᠎ᠠ᠂ | ᠭᠡᠷ ᠲᠤᠨᠢ ᠬᠦᠷᠴᠦ ᠦᠨ᠎ᠡ ᠲᠦᠯᠦᠪᠦᠷᠢ ᠦᠭᠡᠢ ᠪᠠᠷ ᠰᠡᠯᠪᠢᠨ ᠵᠠᠰᠠᠬᠤ ᠪᠠ ᠠᠷᠠᠴᠢᠯᠠᠨ ᠬᠠᠮᠠᠭᠠᠯᠠᠬᠤ ᠦᠢᠯᠡᠴᠢᠯᠡᠭᠡ | ᠬᠠᠩᠭᠠᠨ᠎ᠠ᠂ ᠲᠠᠷᠢᠶᠠᠯᠠᠩ ᠤᠨ ᠶᠠᠪᠤᠳᠠᠯ ᠢ ᠵᠢᠭᠠᠬᠠᠨ ᠴᠤ ᠰᠠᠭᠠᠲᠠᠭᠠᠬᠤ ᠦᠭᠡᠢ ︾ ᠭᠡᠵᠦ ᠬᠠᠵᠠᠭᠤᠳᠠᠬᠢ ᠮᠠᠰᠢᠨ | ᠢᠶᠠᠨ ᠵᠢᠭᠠᠵᠤ ᠪᠢᠳᠡᠨ ᠳᠤ ᠳᠠᠩᠰᠠ ᠪᠤᠳᠤᠵᠤ ᠦᠭᠬᠦᠯ᠎ᠡ ᠃ | ᠲᠠᠷᠢᠶᠠᠴᠢᠨ ᠸᠠᠩ ᠰᠢᠶᠠᠩ ᠳ᠋ᠦᠩ ᠪᠣᠯ ᠠᠳᠡᠬᠢ ᠬᠠᠭᠤᠴᠢᠨ ᠵᠣᠴᠢᠨ ᠪᠣᠯᠤᠨ᠎ᠠ᠂ ᠬᠠᠭᠤᠴᠢᠨ ᠲᠷᠠᠺᠲ᠋ᠣᠷ ᠨᠢ | ᠤᠳᠤ ᠲᠠᠷᠢᠶᠠᠯᠠᠭ᠎ᠠ ᠶᠢᠨ ᠬᠡᠷᠡᠭᠴᠡᠭᠡ ᠶᠢ ᠠᠷᠠᠢ ᠬᠠᠩᠭᠠᠵᠤ ᠳᠡᠶᠢᠯᠬᠦ ᠦᠭᠡᠢ ᠪᠠᠶᠢᠭ᠎ᠠ ᠪᠤᠯᠬᠤᠷ ᠡᠨᠡ ᠵᠢᠯ ᠲᠡᠷᠡ ᠪᠠᠰᠠ | ᠨᠢᠭᠡ ᠲᠣᠮᠣ ᠲᠷᠠᠺᠲ᠋ᠣᠷ ᠠᠪᠬᠤ ᠪᠠᠷ ᠰᠢᠢᠳᠴᠡᠢ᠃ ᠸᠠᠩ ᠰᠢᠶᠠᠩ ᠳ᠋ᠦᠩ ᠬᠡᠯᠡᠬᠦ ᠳᠡᠭᠡᠨ᠄ ︽ᠤᠳᠠᠯ ᠦᠭᠡᠢ | ᠬᠠᠪᠤᠷ ᠤᠨ ᠲᠠᠷᠢᠶᠠᠯᠠᠭ᠎ᠠ ᠪᠤᠯᠤᠯ᠎ᠠ᠂ ᠨᠢᠭᠡ ᠲᠣᠮᠣ ᠲᠷᠠᠺᠲ᠋ᠣᠷ ᠬᠤᠳᠠᠯᠳᠤᠨ ᠠᠪᠴᠤ ᠲᠠᠷᠢᠶᠠᠯᠠᠭ᠎ᠠ ᠶᠢᠨ ᠦᠷ᠎ᠡ | ᠠᠰᠢᠭ ᠢᠶᠠᠨ ᠳᠡᠭᠡᠭᠰᠢᠯᠡᠭᠦᠯᠵᠦ᠂ ᠴᠠᠭ ᠬᠦᠴᠦ ᠪᠠᠨ ᠴᠤ ᠠᠷᠪᠢᠯᠠᠬᠤ ᠰᠠᠨᠠᠭ᠎ᠠ ᠲᠠᠢ᠂ ᠤᠯᠤᠰ ᠤᠨ ᠨᠥᠬᠦᠪᠥᠷᠢ ᠲᠠᠢ | ᠪᠤᠯᠬᠤᠷ ᠨᠡᠯᠢᠶᠡᠳ ᠲᠣᠬᠢᠷᠠᠮᠵᠢᠲᠠᠶ ᠪᠠᠶᠢᠨ᠎ᠠ᠂ ᠪᠠᠭ᠎ᠠ ᠪᠤᠰᠤ ᠮᠦᠩᠬᠦ ᠠᠷᠪᠢᠯᠠᠵᠤ ᠳᠡᠶᠢᠯᠦᠨ᠎ᠡ︾ ᠬᠡᠯᠡ᠃ | ᠬᠠᠪᠤᠷ ᠤᠨ ᠲᠠᠷᠢᠶᠠᠯᠠᠭ᠎ᠠ ᠳᠤ ᠭᠡᠷᠡᠭᠰᠡᠬᠦ ᠮᠠᠰᠢᠨ ᠲᠦᠬᠦᠭᠡᠷᠦᠮᠵᠢ ᠶᠢᠨ ᠬᠡᠷᠡᠭᠴᠡᠭᠡ ᠶᠢ ᠬᠠᠩᠭᠠᠬᠤ ᠶᠢᠨ ᠲᠥᠯᠥᠭᠡ | ᠲᠠᠶᠢᠹᠤᠰᠧ ᠬᠤᠰᠢᠭᠤᠨ ᠤ ᠲᠠᠷᠢᠶᠠᠯᠠᠩ ᠤᠨ ᠮᠠᠰᠢᠨ ᠡᠵᠡᠩᠨᠡᠨ ᠪᠣᠷᠣᠯᠠᠭᠤᠯᠬᠤ ᠴᠡᠭ ᠤᠳ ᠨᠢ ᠪᠡᠯᠡᠳᠬᠡᠯ | ᠠᠵᠢᠯ ᠢᠶᠠᠨ ᠡᠷᠳᠡ ᠠᠴᠠ ᠬᠢᠵᠦ᠂ ᠲᠠᠷᠢᠶᠠᠯᠠᠩ ᠤᠨ ᠮᠠᠰᠢᠨ ᠤ ᠦᠢᠯᠡᠳᠪᠦᠷᠢᠯᠡᠯ ᠤᠨ ᠲᠤᠮᠤ ᠠᠷᠠᠯᠵᠢᠶᠠᠴᠢᠳ ᠲᠠᠢ | ᠬᠠᠷᠢᠯᠴᠠᠵᠤ ᠵᠣᠯᠭᠠᠭᠤᠯᠬᠤ ᠪᠠᠨ ᠴᠢᠩᠭᠠᠳᠬᠠᠨ᠂ ᠲᠠᠷᠢᠶᠠᠯᠠᠩ ᠤᠨ ᠮᠠᠰᠢᠨ ᠲᠦᠬᠦᠭᠡᠷᠦᠮᠵᠢ ᠪᠠ ᠰᠡᠯᠪᠢᠭ ᠲᠣᠨᠤᠭ ᠢ | ᠬᠤᠳᠠᠯᠳᠤᠨ ᠤᠷᠤᠭᠤᠯᠤᠭᠠᠳ᠂ ᠬᠠᠪᠤᠷ ᠤᠨ ᠲᠠᠷᠢᠶᠠᠯᠠᠭ᠎ᠠ ᠶᠢᠨ ᠤᠷᠤᠭᠰᠢᠳᠠᠢ ᠶᠠᠪᠤᠭᠳᠠᠬᠤ ᠳᠤ ᠪᠠᠳᠤᠯᠠᠭ᠎ᠠ | ᠬᠠᠩᠭᠠᠵᠤ ᠪᠠᠶᠢᠨ᠎ᠠ᠃ |