ᠲᠠᠶᠢᠹᠤᠰᠧ ᠬᠤᠰᠢᠭᠤᠨ ᠤ ᠬᠢᠨ ᠲᠠᠷᠢᠶᠠᠯᠠᠩ ᠤᠨ ᠪᠦᠳᠦᠭᠡᠭᠳᠡᠬᠦᠨ ᠤ ᠠᠷᠠᠯᠵᠢᠶᠠᠨ ᠤ ᠵᠠᠬ᠎ᠠ ᠳᠤ ᠭᠠᠯ ᠰᠡᠷᠭᠡᠶᠢᠯᠡᠬᠦ ᠪᠠᠶᠢᠴᠠᠭᠠᠯᠳᠠ ᠬᠢᠭᠰᠡᠨ
ᠨᠡᠶᠢᠲᠡᠯᠡᠭᠰᠡᠨ ᠴᠠᠭ᠄
2025/5/11
    ᠲᠠᠷᠢᠶᠠᠯᠠᠩ ᠤᠨ ᠠᠷᠠᠯᠵᠢᠶᠠᠨ ᠤ ᠵᠠᠬ᠎ᠠ ᠳᠡᠯᠭᠡᠭᠦᠷ ᠤᠨ ᠭᠠᠯ ᠰᠡᠷᠭᠡᠶᠢᠯᠡᠬᠦ ᠠᠮᠤᠷ ᠲᠦᠪᠰᠢᠨ ᠤ ᠬᠠᠮᠢᠶᠠᠷᠤᠯᠲᠠ ᠶᠢᠨ ᠠᠵᠢᠯ ᠢ ᠦᠨᠡᠨᠬᠦ  ᠴᠢᠩᠭᠠᠳᠬᠠᠨ᠂ ᠭᠠᠯ ᠤᠨ ᠠᠶᠤᠯ ᠭᠠᠷᠬᠤ ᠶᠢ ᠪᠦᠲᠦᠮᠵᠢᠲᠡᠶ ᠰᠡᠷᠭᠡᠶᠢᠯᠡᠨ ᠬᠤᠷᠢᠭᠯᠠᠵᠤ᠂ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠪᠠᠲᠤᠯᠠᠬᠤ ᠶᠢᠨ ᠲᠥᠯᠥᠭᠡ᠂ 5 ᠰᠠᠷ᠎ᠠ ᠶᠢᠨ 8 ᠤ ᠡᠳᠦᠷ ᠲᠠᠶᠢᠹᠤᠰᠧ ᠬᠤᠰᠢᠭᠤᠨ ᠤ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ ᠨᠢ ᠪᠤᠤᠴᠠᠩ ᠤᠨ ᠲᠠᠷᠢᠶᠠᠯᠠᠩ ᠤᠨ ᠠᠷᠠᠯᠵᠢᠶᠠᠨ ᠤ ᠵᠠᠬ᠎ᠠ ᠳᠡᠯᠭᠡᠭᠦᠷ ᠲᠤ ᠬᠦᠷᠴᠦ ᠭᠠᠯ ᠰᠡᠷᠭᠡᠶᠢᠯᠡᠬᠦ ᠠᠮᠤᠷ ᠲᠦᠪᠰᠢᠨ ᠤ ᠪᠠᠶᠢᠴᠠᠭᠠᠯᠲᠠ ᠥᠷᠨᠢᠭᠦᠯᠪᠡ᠃ ᠠᠵᠢᠯᠲᠠᠳ ᠠᠴᠠ ᠵᠠᠬ᠎ᠠ ᠳᠡᠯᠭᠡᠭᠦᠷ ᠤᠨ ᠭᠠᠯ ᠤᠨᠲᠠᠷᠠᠭᠠᠬᠤ ᠲᠦᠬᠦᠭᠡᠷᠦᠮᠵᠢ᠂ ᠬᠡᠢ ᠴᠠᠬᠢᠯᠭᠠᠨ ᠲᠠᠮᠵᠢᠭᠤᠯᠬᠤ ᠲᠦᠬᠦᠭᠡᠷᠦᠮᠵᠢ᠂ ᠠᠶᠤᠯ ᠠᠴᠠ ᠵᠠᠶᠢᠯᠠᠬᠤ ᠵᠠᠮ ᠵᠡᠷᠭᠡ ᠳᠤ ᠨᠠᠷᠢᠨ ᠨᠢᠮᠪᠠᠢ ᠪᠠᠶᠢᠴᠠᠭᠠᠯᠳᠠ ᠬᠢᠭᠰᠡᠨ ᠪᠦᠭᠡᠳ ᠢᠯᠡᠷᠡᠬᠦᠯᠦᠭᠰᠡᠨ ᠠᠰᠠᠭᠤᠳᠠᠯ ᠳᠤ ᠴᠢᠭᠯᠡᠬᠦᠯᠵᠦ ᠴᠡᠭᠴᠡᠯᠡᠨ ᠰᠠᠶᠢᠵᠢᠷᠠᠭᠤᠯᠬᠤ ᠱᠠᠭᠠᠷᠳᠠᠯᠭ᠎ᠠ ᠲᠠᠯᠪᠢᠵᠠᠢ᠃  ᠠᠵᠢᠯᠳᠠᠳ ᠪᠠᠰᠠ ᠵᠠᠬ᠎ᠠ ᠳᠡᠯᠭᠡᠭᠦᠷ ᠤᠨ ᠬᠠᠮᠢᠶᠠᠷᠤᠯᠲᠠ ᠶᠢᠨ ᠠᠵᠢᠯᠲᠠᠨ ᠪᠣᠯᠤᠨ ᠬᠤᠳᠠᠯᠳᠤᠭᠠᠴᠢᠨ ᠡᠷᠦᠬᠡ ᠠᠴᠠ ᠭᠠᠯ ᠤᠨᠲᠠᠷᠠᠭᠠᠭᠤᠷ ᠢ ᠬᠡᠷᠡᠭᠯᠡᠬᠦ ᠠᠷᠭ᠎ᠠ᠂ ᠭᠠᠯ ᠤᠨ ᠠᠶᠤᠯ ᠢ ᠮᠡᠳᠡᠬᠦᠯᠬᠦ ᠶᠠᠪᠤᠴᠠ ᠵᠡᠷᠭᠡ ᠭᠠᠯ ᠤᠨᠲᠠᠷᠠᠭᠠᠬᠤ ᠠᠮᠤᠷ ᠲᠦᠪᠰᠢᠨ ᠤ ᠮᠡᠳᠡᠯᠭᠡ ᠶᠢ ᠡᠵᠡᠮᠰᠢᠭᠰᠡᠨ ᠲᠤᠬᠠᠶᠢᠳᠠᠢ ᠯᠠᠪᠯᠠᠨ ᠠᠰᠠᠭᠤᠵᠤ᠂ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠬᠢᠷᠢ ᠴᠢᠳᠠᠪᠤᠷᠢ ᠶᠢ ᠨᠢ ᠰᠢᠯᠭᠠᠭᠰᠠᠨ ᠤ ᠬᠠᠮᠳᠤ᠂ ᠮᠡᠳᠡᠯᠭᠡ ᠶᠢᠨ ᠪᠠᠯᠠᠶ ᠴᠡᠭ ᠲᠤ ᠴᠢᠭᠯᠡᠭᠦᠯᠦᠨ ᠤᠬᠠᠭᠤᠯᠭ᠎ᠠ ᠥᠷᠨᠢᠭᠦᠯᠵᠦ᠂ ᠲᠣᠭᠲᠠᠮᠠᠯ ᠬᠤᠭᠤᠴᠠᠭ᠎ᠠ ᠲᠠᠢ ᠪᠠᠷ ᠪᠠᠶᠢᠴᠠᠭᠠᠯᠳᠠ ᠬᠢᠬᠦ ᠶᠢ ᠰᠠᠨᠠᠭᠤᠯᠤᠨ᠂ ᠭᠠᠯ ᠤᠨᠲᠠᠷᠠᠭᠠᠬᠤ ᠠᠮᠤᠷ ᠲᠦᠪᠰᠢᠨ ᠤ ᠦᠵᠡᠯ ᠤᠬᠠᠮᠰᠠᠷ ᠢᠶᠠᠨ ᠲᠡᠭᠡᠭᠰᠢᠯᠡᠬᠦᠯᠵᠦ᠂ ᠭᠠᠯ ᠤᠨ ᠠᠶᠤᠯ ᠭᠠᠷᠬᠤ ᠶᠢ ᠡᠷᠡᠰ ᠬᠤᠷᠢᠭᠯᠠᠬᠤ ᠬᠡᠷᠡᠭᠲᠡᠶ ᠭᠡᠵᠦ ᠴᠢᠬᠤᠯᠠᠴᠢᠯᠠᠭᠰᠠᠨ ᠪᠠᠶᠢᠨ᠎ᠠ᠃ ᠡᠨᠡ ᠤᠳᠠᠭᠠᠨ ᠤ ᠪᠠᠶᠢᠴᠠᠭᠠᠯᠲᠠ ᠪᠠᠷ ᠲᠠᠮᠵᠢᠭᠠᠳ᠂ ᠵᠠᠬ᠎ᠠ ᠳᠡᠯᠭᠡᠭᠦᠷ ᠤᠨ ᠬᠠᠮᠢᠶᠠᠷᠤᠯᠲᠠ ᠶᠢᠨ ᠠᠵᠢᠯᠲᠠᠨ ᠪᠠ ᠬᠤᠳᠠᠯᠳᠤᠭᠠᠴᠢᠨ ᠡᠷᠦᠬᠡ ᠤᠳ ᠤᠨ ᠭᠠᠯ ᠰᠡᠷᠭᠡᠶᠢᠯᠡᠬᠦ ᠬᠠᠷᠢᠭᠤᠴᠠᠯᠭ᠎ᠠ ᠶᠢᠨ ᠤᠬᠠᠮᠰᠠᠷ ᠢ ᠤᠯᠠᠮ ᠴᠢᠩᠭᠠᠷᠠᠭᠤᠯᠵᠤ᠂ ᠲᠠᠷᠢᠶᠠᠯᠠᠩ ᠤᠨ ᠠᠷᠠᠯᠵᠢᠶᠠᠨ ᠤ ᠵᠠᠬ᠎ᠠ ᠳᠡᠯᠭᠡᠭᠦᠷ ᠲᠤ ᠭᠠᠯ ᠰᠡᠷᠭᠡᠶᠢᠯᠡᠬᠦ ᠠᠮᠤᠷ ᠲᠦᠪᠰᠢᠨ ᠤ ᠰᠠᠶᠢᠨ ᠰᠠᠶᠢᠬᠠᠨ ᠣᠷᠴᠢᠨ ᠲᠣᠭᠤᠷᠢᠨ ᠢ ᠪᠣᠶ ᠪᠣᠯᠭᠠᠵᠤ ᠥᠭᠴᠡᠶ᠃ ᠲᠠᠷᠠᠭᠠᠴᠢ ᠶᠢᠨ ᠠᠯᠬᠤᠮ ᠳᠤ᠂ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ ᠶᠢᠨ ᠬᠢᠨ ᠬᠥᠮᠦᠨ ᠬᠠᠷ᠎ᠠ ᠲᠥᠪᠯᠡᠷᠡᠭᠰᠡᠨ ᠲᠠᠯᠠᠪᠤᠷ ᠤᠨ ᠠᠮᠤᠷ ᠲᠦᠪᠰᠢᠨ ᠤ ᠪᠠᠶᠢᠴᠠᠭᠠᠯᠲᠠ ᠶᠢᠨ ᠡᠷᠴᠢᠮ ᠢ ᠦᠷᠭᠦᠯᠵᠢᠯᠡᠨ ᠴᠢᠩᠭᠠᠷᠠᠭᠤᠯᠵᠤ᠂ ᠲᠣᠭᠲᠠᠮᠠᠯ ᠬᠤᠭᠤᠴᠠᠭ᠎ᠠ ᠲᠠᠢ ᠪᠠᠷ ︽ᠡᠷᠬᠢᠨ ᠬᠠᠷᠠᠬᠤ︾ ᠠᠵᠢᠯ ᠢ ᠦᠷᠨᠢᠬᠦᠯᠵᠦ᠂ ᠳᠠᠯᠳᠠ ᠬᠡᠮ ᠢ ᠴᠡᠭᠴᠡᠯᠡᠨ ᠰᠠᠶᠢᠵᠢᠷᠠᠭᠤᠯᠬᠤ ᠶᠢ ᠦᠨᠡᠨᠬᠦ ᠪᠠᠳᠤᠯᠠᠨ᠂ ᠪᠦᠬᠦ ᠬᠤᠰᠢᠭᠤᠨ ᠤ ᠭᠠᠯ ᠰᠡᠷᠭᠡᠶᠢᠯᠡᠯᠳᠡ ᠶᠢᠨ ᠲᠣᠭᠲᠠᠭᠤᠨ ᠪᠠᠶᠢᠳᠠᠯ ᠢ ᠬᠠᠮᠠᠭᠠᠯᠠᠬᠤ ᠪᠠᠷ ᠪᠠᠶᠢᠨ᠎ᠠ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号