5 ᠰᠠᠷ᠎ᠠ ᠶᠢᠨ 9 ᠤ ᠡᠳᠦᠷ᠂ ᠴᠢᠶᠠᠨ ᠶᠢᠨ ᠭᠸᠦ ᠪᠠᠯᠭᠠᠰᠤᠨ ᠤ ᠨᠠᠮ ᠤᠨ ᠬᠤᠷᠢᠶᠠᠨ ᠤ ᠣᠨᠣᠯ ᠰᠤᠷᠤᠯᠴᠠᠬᠤ | ᠭᠤᠤᠯ ᠳᠤᠭᠤᠶᠢᠯᠠᠩ ᠤᠨ 2025 ᠣᠨ ᠤ 6 ᠳ᠋ᠤᠭᠠᠷ ᠤᠳᠠᠭᠠᠨ ᠤ ᠬᠠᠮᠳᠤ ᠶᠢᠨ ᠰᠤᠷᠤᠯᠴᠠᠯᠭ᠎ᠠ ᠶᠢᠨ ᠬᠤᠷᠠᠯ | ᠬᠤᠷᠠᠯᠳᠤᠵᠤ᠂ ᠪᠠᠯᠭᠠᠰᠤᠨ ᠤ ᠤᠳᠤᠷᠢᠳᠬᠤ ᠪᠠᠭ ᠤᠨ ᠭᠡᠰᠢᠬᠦᠳ᠂ ᠪᠠᠶᠢᠭᠤᠯᠭ᠎ᠠ ᠨᠢᠭᠡᠴᠡ ᠶᠢᠨ ᠬᠠᠷᠢᠭᠤᠴᠠᠯᠭᠠᠲᠠᠨ | ᠨᠠᠷ ᠬᠤᠷᠠᠯ ᠳᠤ ᠣᠷᠣᠯᠴᠠᠪᠠ᠃ ᠬᠤᠷᠠᠯ ᠲᠡᠭᠡᠷ᠎ᠡ ︽ᠶᠡᠷᠦᠩᠬᠡᠢ ᠱᠦᠵᠢ ᠰᠢ ᠶᠢᠨ ᠫᠢᠩ ᠤᠨ ᠱᠠᠩᠬᠠᠢ ᠳᠤ ᠰᠢᠨᠵᠢᠯᠡᠨ | ᠪᠠᠶᠢᠴᠠᠭᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ︾ ︽ᠰᠢ ᠶᠢᠨ ᠫᠢᠩ ᠤᠨ ᠠᠮᠢ ᠠᠬᠤᠢ ᠶᠢᠨ | ᠪᠣᠯᠪᠠᠰᠤᠨ ᠤ ᠦᠵᠡᠯ ᠰᠠᠨᠠᠭ᠎ᠠ︾ ︽ᠶᠡᠷᠦᠩᠬᠡᠢ ᠱᠦᠵᠢ ᠰᠢ ᠶᠢᠨ ᠫᠢᠩ ᠤᠨ ᠨᠡᠶᠢᠭᠡᠮ ᠤᠨ ᠠᠵᠢᠯ ᠤᠨ ᠲᠤᠬᠠᠢ | ᠴᠢᠬᠤᠯᠠ ᠵᠢᠭᠠᠪᠤᠷᠢ︾ ︽ᠪᠦᠬᠦ ᠤᠯᠤᠰ ᠤᠨ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ ᠨᠠᠷ ᠤᠨ ᠬᠤᠷᠠᠯ ᠤᠨ | ᠵᠣᠷᠢᠭ ᠰᠠᠨᠠᠭ᠎ᠠ︾ ︽ᠶᠡᠷᠦᠩᠬᠡᠢ ᠱᠦᠵᠢ ᠰᠢ ᠶᠢᠨ ᠫᠢᠩ ᠤᠨ ᠦᠨᠳᠦᠰᠦᠲᠡᠨ ᠱᠠᠰᠢᠨ ᠰᠤᠷᠲᠠᠬᠤᠨ ᠤ ᠠᠵᠢᠯ ᠤᠨ | ᠲᠤᠬᠠᠢ ᠴᠢᠬᠤᠯᠠ ᠥᠭᠦᠯᠡᠯᠲᠡ︾ ᠵᠡᠷᠭᠡ ᠠᠭᠤᠯᠭ᠎ᠠ ᠶᠢ ᠤᠯᠠᠮᠵᠢᠯᠠᠨ ᠰᠤᠷᠤᠯᠴᠠᠵᠠᠢ᠃ ᠬᠤᠷᠠᠯ ᠠᠴᠠ᠂ ᠤᠯᠤᠰ ᠢᠶᠠᠨ | ᠬᠠᠶᠢᠷᠠᠯᠠᠬᠤ ᠰᠡᠳᠬᠢᠯᠭᠡ ᠶᠢ ᠡᠪᠦᠷᠯᠡᠵᠦ᠂ ᠤᠯᠤᠰ ᠲᠠᠭᠠᠨ ᠵᠢᠳᠬᠦᠬᠦ ᠵᠣᠷᠢᠭ ᠢ ᠬᠦᠪᠴᠢᠯᠡᠨ᠂ ᠤᠯᠤᠰ ᠢᠶᠠᠨ | ᠬᠦᠴᠦᠷᠭᠡᠭᠵᠢᠬᠦᠯᠬᠦ ᠴᠢᠳᠠᠪᠤᠷᠢ ᠶᠢ ᠴᠢᠩᠭᠠᠳᠬᠠᠵᠤ᠂ ᠬᠤᠪᠢ ᠬᠥᠮᠦᠨ ᠤ ᠵᠢᠳᠬᠦᠯ ᠴᠢᠷᠮᠠᠶᠢᠯᠭ᠎ᠠ ᠪᠠᠨ ᠤᠯᠤᠰ | ᠤᠷᠤᠨ ᠤ ᠬᠤᠪᠢ ᠵᠠᠶᠠᠭ᠎ᠠ ᠲᠠᠢ ᠨᠢᠭᠲᠠ ᠬᠤᠯᠪᠤᠨ᠂ ᠲᠡᠦᠬᠡ ᠶᠢᠨ ᠪᠤᠤᠬᠢᠶ᠎ᠠ ᠶᠢ ᠰᠠᠶᠢᠲᠤᠷ ᠲᠠᠮᠵᠢᠭᠤᠯᠵᠤ᠂ | ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠠᠭᠤᠳᠠᠮ ᠲᠠᠪᠴᠠᠩ ᠳᠡᠭᠡᠷ᠎ᠡ ᠭᠡᠷᠡᠯ | ᠭᠢᠯᠪᠠᠭ᠎ᠠ ᠪᠠᠨ ᠰᠠᠴᠤᠷᠠᠭᠤᠯᠬᠤ ᠬᠡᠷᠡᠭᠲᠡᠢ᠃ ᠰᠢᠨ᠎ᠡ ᠴᠠᠭ ᠦᠶ᠎ᠡ ᠶᠢᠨ ᠨᠡᠶᠢᠭᠡᠮ ᠤᠨ ᠠᠵᠢᠯ ᠤᠨ ᠶᠡᠷᠦᠩᠬᠡᠢ | ᠱᠠᠭᠠᠷᠳᠠᠯᠭ᠎ᠠ ᠶᠢ ᠭᠦᠨᠵᠡᠭᠡᠢ ᠡᠵᠡᠮᠳᠡᠨ᠂ ᠬᠠᠷᠢᠭᠤᠴᠠᠯᠭᠠᠲᠤ ᠰᠡᠳᠬᠢᠯᠭᠡ ᠪᠠᠨ ᠦᠨᠡᠨᠬᠦ ᠴᠢᠩᠭᠠᠳᠬᠠᠵᠤ᠂ ᠰᠢᠨ᠎ᠡ | ᠴᠠᠭ ᠦᠶ᠎ᠡ ᠶᠢᠨ ᠨᠡᠶᠢᠭᠡᠮ ᠤᠨ ᠠᠵᠢᠯ ᠤᠨ ᠰᠢᠨ᠎ᠡ ᠪᠠᠶᠢᠳᠠᠯ ᠢ ᠴᠢᠷᠮᠠᠶᠢᠨ ᠡᠭᠦᠳᠬᠦ ᠬᠡᠷᠡᠭᠲᠡᠢ᠃ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ ᠭᠤᠣᠯ ᠰᠢᠵᠢᠮ ᠳᠤ ᠠᠩᠬᠠᠷᠤᠯ ᠢᠶᠠᠨ | ᠲᠥᠪᠯᠡᠷᠡᠭᠦᠯᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢᠨ ᠠᠵᠢᠯ ᠢ | ᠪᠣᠳᠠᠲᠠᠢ ᠠᠳᠬᠤᠨ᠂ ᠮᠠᠨ ᠤ ᠤᠯᠤᠰ ᠤᠨ ᠱᠠᠰᠢᠨ ᠰᠤᠷᠲᠠᠬᠤᠨ ᠤ ᠳᠤᠮᠳᠠᠳᠤ ᠤᠯᠤᠰᠴᠢᠯᠠᠬᠤ ᠶᠢ ᠰᠢᠰᠲ᠋ᠧᠮ ᠲᠠᠢ | ᠠᠬᠢᠭᠤᠯᠵᠤ᠂ ᠱᠠᠰᠢᠨ ᠰᠤᠷᠲᠠᠬᠤᠨ ᠤ ᠬᠡᠷᠡᠭ ᠶᠠᠪᠤᠳᠠᠯ ᠤᠨ ᠬᠠᠤᠯᠢ ᠪᠠᠷ ᠵᠠᠰᠠᠬᠤ ᠶᠢ ᠴᠢᠩᠭᠠᠳᠬᠠᠨ᠂ ᠱᠠᠰᠢᠨ | ᠰᠤᠷᠲᠠᠬᠤᠨ ᠤ ᠬᠦᠷᠢᠶ᠎ᠡ ᠴᠠᠷᠠᠭᠠᠨ ᠤ ᠡᠶ᠎ᠡ ᠵᠣᠬᠢᠴᠠᠩᠭᠤᠢ ᠠᠮᠤᠷ ᠲᠣᠭᠲᠠᠭᠤᠨ ᠪᠠᠶᠢᠳᠠᠯ ᠢ ᠬᠠᠮᠠᠭᠠᠯᠠᠬᠤ ᠬᠡᠷᠡᠭᠲᠡᠢ | ᠭᠡᠵᠦ ᠴᠢᠬᠤᠯᠠᠴᠢᠯᠠᠪᠠ᠃ |