ᠶᠦᠩ ᠹᠧᠩ ᠪᠠᠯᠭᠠᠰᠤ ᠦᠨᠳᠦᠰᠦᠨ ᠱᠠᠲᠤᠨ ᠤ ᠡᠮᠡᠭᠲᠡᠶᠢᠴᠦᠳ ᠤᠨ ᠬᠤᠯᠪᠤᠭᠠᠨ ᠤ ᠺᠠᠳ᠋ᠷ ᠤᠨ ᠭᠡᠪ ᠴᠢᠳᠠᠪᠤᠷᠢ ᠶᠢ ᠳᠡᠭᠡᠭᠰᠢᠯᠡᠭᠦᠯᠬᠦ ᠪᠣᠯᠪᠠᠰᠤᠷᠠᠯ ᠡᠷᠬᠢᠯᠡᠪᠡ
ᠨᠡᠶᠢᠲᠡᠯᠡᠭᠰᠡᠨ ᠴᠠᠭ᠄
2025/5/11
    5 ᠰᠠᠷ᠎ᠠ ᠶᠢᠨ 9 ᠤ ᠡᠳᠦᠷ᠂ ᠬᠤᠰᠢᠭᠤᠨ ᠤ ᠡᠮᠡᠭᠲᠡᠶᠢᠴᠦᠳ ᠤᠨ ᠬᠤᠯᠪᠣᠭᠠᠲᠤ ᠬᠤᠷᠠᠯ ᠤᠨ ᠬᠢᠨ ᠶᠦᠩ ᠹᠧᠩ ᠪᠠᠯᠭᠠᠰᠤ ᠲᠠᠢ ᠬᠠᠮᠲᠤᠷᠠᠨ 2025 ᠣᠨ ᠤ ᠦᠨᠳᠦᠰᠦᠨ ᠱᠠᠲᠤᠨ ᠤ ᠡᠮᠡᠭᠲᠡᠶᠢᠴᠦᠳ ᠤᠨ ᠬᠤᠯᠪᠤᠭᠠᠨ ᠤ ᠺᠠᠳ᠋ᠷ ᠤᠨ ᠭᠡᠪ ᠴᠢᠳᠠᠪᠤᠷᠢ ᠶᠢ ᠳᠡᠭᠡᠭᠰᠢᠯᠡᠭᠦᠯᠬᠦ ᠪᠣᠯᠪᠠᠰᠤᠷᠠᠯ ᠡᠷᠬᠢᠯᠡᠵᠦ᠂ ᠶᠦᠩ ᠹᠧᠩ ᠪᠠᠯᠭᠠᠰᠤᠨ ᠤ ᠡᠯ᠎ᠡ ᠲᠣᠰᠬᠤᠨ ᠤ ᠡᠮᠡᠭᠲᠡᠶᠢᠴᠦᠳ ᠤᠨ ᠬᠤᠯᠪᠤᠭᠠᠨ ᠤ ᠲᠡᠷᠢᠭᠦᠯᠡᠭᠴᠢ ᠪᠣᠯᠪᠠᠰᠤᠷᠠᠯ ᠳᠤ ᠣᠷᠣᠯᠴᠠᠪᠠ᠃  ᠪᠣᠯᠪᠠᠰᠤᠷᠠᠯ ᠲᠡᠭᠡᠷ᠎ᠡ᠂ ᠨᠠᠮ ᠤᠨ ᠬᠤᠷᠢᠳᠤᠭᠠᠷ ᠶᠡᠭᠡ ᠬᠤᠷᠠᠯ ᠪᠠ ᠬᠤᠷᠢᠳᠤᠭᠠᠷ ᠬᠤᠭᠤᠴᠠᠭᠠᠨ ᠤ ᠲᠦᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ᠂ ᠶᠡᠷᠦᠩᠬᠡᠶ ᠱᠦᠵᠢ ᠰᠢ ᠶᠢᠨ ᠫᠢᠩ ᠤᠨ ᠡᠮᠡᠭᠲᠡᠶᠢᠴᠦᠳ ᠬᠡᠦᠬᠡᠳ ᠪᠠᠭᠠᠴᠤᠳ ᠪᠠ ᠡᠮᠡᠭᠲᠡᠶᠢᠴᠦᠳ ᠤᠨ ᠬᠤᠯᠪᠤᠭᠠᠨ ᠤ ᠠᠵᠢᠯ ᠤᠨ ᠲᠤᠬᠠᠶ ᠴᠢᠬᠤᠯᠠ ᠥᠭᠦᠯᠡᠯᠲᠡ ᠪᠠᠷ ᠭᠤᠤᠯ ᠰᠡᠳᠦᠪ ᠪᠤᠯᠭᠠᠨ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠡᠮᠡᠭᠲᠡᠶᠢᠴᠦᠳ ᠤᠨ ᠡᠷᠬᠡ ᠠᠰᠢᠭ ᠢ ᠪᠠᠲᠤᠯᠠᠬᠤ ᠬᠠᠤᠯᠢ︾ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠡᠷ ᠪᠦᠯᠢ ᠶᠢᠨ ᠬᠥᠮᠦᠵᠢᠯ ᠢ ᠠᠬᠢᠭᠤᠯᠬᠤ ᠬᠠᠤᠯᠢ︾ ᠵᠡᠷᠭᠡ ᠬᠠᠤᠯᠢ ᠲᠦᠷᠢᠮ ᠪᠠ ᠲᠥᠷᠥ ᠶᠢᠨ ᠪᠣᠳᠣᠯᠭ᠎ᠠ ᠶᠢ ᠭᠦᠨᠵᠡᠭᠡᠶ ᠲᠠᠶᠢᠯᠪᠤᠷᠢᠯᠠᠭᠰᠠᠨ ᠪᠠᠶᠢᠨ᠎ᠠ᠃ ᠪᠠᠯᠭᠠᠰᠤᠨ ᠤ ᠡᠮᠡᠭᠲᠡᠶᠢᠴᠦᠳ ᠤᠨ ᠬᠤᠯᠪᠤᠭᠠᠨ ᠤ ᠲᠡᠷᠢᠭᠦᠯᠡᠭᠴᠢ ᠠᠴᠠ ᠪᠠᠰᠠ 2025 ᠣᠨ ᠤ ᠡᠮᠡᠭᠲᠡᠶᠢᠴᠦᠳ ᠤᠨ ᠬᠤᠯᠪᠤᠭᠠᠨ ᠤ ᠭᠤᠤᠯᠳᠠᠯᠭ᠎ᠠ ᠲᠠᠢ ᠠᠵᠢᠯ ᠳᠤ ᠪᠥᠬᠦ ᠲᠠᠯ᠎ᠠ ᠶᠢᠨ ᠪᠠᠶᠢᠷᠢᠯᠠᠭᠤᠯᠤᠯᠲᠠ ᠬᠢᠵᠡᠢ᠃ ᠬᠤᠷᠠᠯ ᠠᠴᠠ ᠴᠢᠬᠤᠯᠠᠴᠢᠯᠠᠬᠤ ᠳᠠᠭᠠᠨ᠂ ᠨᠡᠩ ᠴᠢᠩᠭ᠎ᠠ ᠡᠷᠴᠢᠮ  ᠢᠶᠠᠷ ᠡᠮᠡᠭᠲᠡᠶᠢᠴᠦᠳ ᠤᠨ ᠦᠢᠯᠡᠰ ᠪᠦᠳᠦᠬᠡᠵᠦ ᠠᠵᠢᠯ ᠤᠯᠬᠤ ᠶᠢ ᠠᠬᠢᠭᠤᠯᠵᠤ᠂ ᠨᠡᠩ ᠪᠣᠳᠠᠲᠠᠢ ᠠᠷᠭ᠎ᠠ ᠪᠠᠷ ᠡᠮᠡᠭᠲᠡᠶᠢᠴᠦᠳ ᠬᠡᠦᠬᠡᠳ ᠪᠠᠭᠠᠴᠤᠳ ᠤᠨ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠨ᠂ ᠨᠡᠩ ᠥᠨᠳᠥᠷ ᠪᠠᠷᠢᠮᠵᠢᠶ᠎ᠠ ᠪᠠᠷ ᠭᠡᠷ ᠪᠦᠯᠢ ᠶᠢᠨ ᠪᠣᠯᠪᠠᠰᠤᠨ ᠤ ᠪᠠᠶᠢᠭᠤᠯᠤᠯᠲᠠ ᠶᠢ ᠴᠢᠩᠭᠠᠳᠬᠠᠵᠤ᠂ ᠡᠮᠡᠭᠲᠡᠶᠢᠴᠦᠳ ᠤᠨ ᠬᠤᠯᠪᠤᠭᠠᠨ  ᠤ ᠠᠵᠢᠯ ᠤᠨ ᠤᠯᠤᠰ ᠲᠦᠷᠦ ᠶᠢᠨ ᠴᠢᠭᠯᠡᠯ ᠪᠣᠯᠤᠨ ᠡᠭᠦᠷᠭᠡ ᠬᠠᠷᠢᠭᠤᠴᠠᠯᠭ᠎ᠠ ᠶᠢ ᠭᠦᠨᠵᠡᠭᠡᠢ ᠤᠶᠢᠯᠠᠭᠠᠨ᠂  ᠠᠵᠢᠯ ᠤᠨ ᠠᠷᠭ᠎ᠠ ᠪᠠᠷᠢᠯ ᠪᠣᠯᠤᠨ ᠤᠷ᠎ᠠ ᠮᠡᠷᠭᠡᠵᠢᠯ ᠢ ᠰᠠᠶᠢᠳᠤᠷ ᠡᠵᠡᠮᠰᠢᠵᠦ᠂ ᠪᠣᠳᠠᠲᠠᠢ ᠠᠰᠠᠭᠤᠳᠠᠯ ᠢ ᠰᠢᠢᠳᠪᠦᠷᠢᠯᠡᠬᠦ ᠬᠢᠷᠢ ᠴᠢᠳᠠᠪᠤᠷᠢ ᠪᠠᠨ ᠳᠡᠭᠡᠭᠰᠢᠯᠡᠭᠦᠯᠬᠦ ᠬᠡᠷᠡᠭᠲᠡᠢ ᠬᠡᠵᠡᠢ᠃  ᠪᠤᠯᠪᠠᠰᠤᠷᠠᠯ ᠲᠡᠭᠡᠷ᠎ᠡ᠂  ᠬᠤᠰᠢᠭᠤᠨ ᠤ  ︽ ᠬᠦᠩ ᠢ ᠯᠢᠶᠠᠨ ᠮᠧᠩ︾ ᠬᠠᠶᠢᠷ᠎ᠠ ᠬᠠᠯᠠᠮᠵᠢ ᠶᠢᠨ ᠨᠡᠶᠢᠭᠡᠮᠯᠢᠭ ᠠᠴᠠ ᠪᠠᠰᠠ ︽ᠪᠠᠭᠪᠠᠭᠠᠶ ᠴᠡᠴᠡᠭ︾ ᠥᠪᠥᠷ ᠮᠣᠩᠭᠤᠯ ᠤᠨ ᠡᠮᠡᠭᠲᠡᠶᠢᠴᠦᠳ ᠬᠡᠤᠬᠡᠳ ᠪᠠᠭᠠᠴᠤᠳ ᠤᠨ ᠡᠷᠬᠡ ᠠᠰᠢᠭ ᠢ ᠬᠠᠮᠠᠭᠠᠯᠠᠬᠤ ᠦᠢᠯᠡᠴᠢᠯᠡᠭᠡᠨ ᠤ ᠲᠥᠷᠥᠯ ᠵᠦᠢᠯ ᠤᠨ ᠲᠤᠬᠠᠢ ᠨᠠᠷᠢᠨ ᠲᠤᠳᠤᠷᠬᠠᠢ ᠲᠠᠶᠢᠯᠤᠮᠵᠢ ᠬᠢᠭᠰᠡᠨ ᠪᠠᠶᠢᠨ᠎ᠠ᠃  
 
ᠢᠷᠡᠯᠲᠡ᠄ ᠶᠦᠩ ᠹᠧᠩ ᠪᠠᠯᠭᠠᠰᠤᠨ ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号