5 ᠰᠠᠷ᠎ᠠ ᠶᠢᠨ 9 ᠤ ᠡᠳᠦᠷ᠂ ᠬᠤᠩ ᠴᠢ ᠪᠠᠯᠭᠠᠰᠤᠨ ᠤ ᠨᠠᠮ ᠤᠨ ᠬᠤᠷᠢᠶᠠᠨ ᠤ ᠣᠨᠣᠯ ᠰᠤᠷᠤᠯᠴᠠᠬᠤ | ᠭᠤᠤᠯ ᠳᠤᠭᠤᠶᠢᠯᠠᠩ ᠤᠨ ᠲᠠᠪᠤᠳᠤᠭᠠᠷ ᠤᠳᠠᠭᠠᠨ ᠤ ᠬᠠᠮᠳᠤ ᠶᠢᠨ ᠰᠤᠷᠤᠯᠴᠠᠯᠭ᠎ᠠ ᠵᠢᠴᠢ ᠦᠵᠡᠯ ᠤᠬᠠᠮᠰᠠᠷ ᠤᠨ | ᠬᠡᠯᠪᠡᠷᠢ ᠶᠢᠨ ᠲᠤᠰᠬᠠᠶ ᠰᠡᠳᠦᠪᠲᠦ ᠰᠤᠷᠤᠯᠴᠠᠯᠭ᠎ᠠ ᠶᠢᠨ ᠬᠤᠷᠠᠯ ᠶᠠᠪᠤᠭᠳᠠᠵᠤ᠂ ᠨᠠᠮ ᠤᠨ ᠬᠤᠷᠢᠶᠠᠨ ᠤ ᠱᠦᠵᠢ | ᠰᠦᠨ ᠬᠠᠶ ᠹᠧᠩ ᠬᠤᠷᠠᠯ ᠢ ᠡᠷᠬᠢᠯᠡᠨ᠂ ᠣᠨᠣᠯ ᠰᠤᠷᠤᠯᠴᠠᠬᠤ ᠭᠤᠤᠯ ᠳᠤᠭᠤᠶᠢᠯᠠᠩ ᠤᠨ ᠭᠡᠰᠢᠬᠦᠳ ᠬᠤᠷᠠᠯ ᠳᠤ | ᠣᠷᠣᠯᠴᠠᠵᠠᠶ᠃ ᠬᠤᠷᠠᠯ ᠲᠡᠭᠡᠷ᠎ᠡ ︽ᠶᠡᠷᠦᠩᠬᠡᠢ ᠱᠦᠵᠢ ᠰᠢ ᠶᠢᠨ ᠫᠢᠩ ᠤᠨ ᠦᠵᠡᠯ ᠤᠬᠠᠮᠰᠠᠷ ᠤᠨ ᠬᠡᠯᠪᠡᠷᠢ ᠶᠢᠨ | ᠠᠵᠢᠯ ᠤᠨ ᠲᠤᠬᠠᠢ ᠴᠢᠬᠤᠯᠠ ᠥᠭᠦᠯᠡᠯᠲᠡ︾ ︽ᠨᠠᠮ ᠤᠨ ᠬᠤᠷᠢᠶᠠᠨ ︵ᠨᠠᠮ ᠤᠨ ᠤᠳᠤᠷᠢᠳᠬᠤ ᠳᠤᠭᠤᠶᠢᠯᠠᠩ︶ ᠤ | ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠬᠠᠷᠢᠭᠤᠴᠠᠯᠭ᠎ᠠ ᠶᠢᠨ ᠲᠦᠷᠢᠮ ᠢ ᠬᠡᠷᠡᠭᠵᠢᠭᠦᠯᠬᠦ ᠠᠷᠭ᠎ᠠ︾ ︽ | ᠨᠠᠮ ᠤᠨ ᠬᠤᠷᠢᠶᠠᠨ ︵ᠨᠠᠮ ᠤᠨ ᠤᠳᠤᠷᠢᠳᠬᠤ ᠳᠤᠭᠤᠶᠢᠯᠠᠩ︶ ᠤ ᠰᠦᠯᠵᠢᠶᠡᠨ ᠤ ᠠᠮᠤᠷ ᠲᠦᠪᠰᠢᠨ ᠤ ᠠᠵᠢᠯ ᠤᠨ | ᠬᠠᠷᠢᠭᠤᠴᠠᠯᠭ᠎ᠠ ᠶᠢᠨ ᠲᠦᠷᠢᠮ ᠢ ᠬᠡᠷᠡᠭᠵᠢᠭᠦᠯᠬᠦ ᠠᠷᠭ᠎ᠠ︾ ᠵᠡᠷᠭᠡ ᠠᠭᠤᠯᠭ᠎ᠠ ᠶᠢ ᠤᠯᠠᠮᠵᠢᠯᠠᠨ ᠰᠤᠷᠤᠯᠴᠠᠪᠠ᠃ | ᠬᠤᠷᠠᠯ ᠠᠴᠠ᠂ ᠨᠢᠭᠡ ᠳᠤ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠢ ᠰᠠᠶᠢᠲᠤᠷ ᠬᠢᠬᠦ ᠶᠢᠨ ᠲᠦᠢᠯ ᠤᠨ ᠴᠢᠬᠤᠯᠠ | ᠴᠢᠨᠠᠷ ᠢ ᠭᠦᠢᠴᠡᠳ ᠲᠠᠨᠢᠬᠤ ᠬᠡᠷᠡᠭᠲᠡᠢ᠃ ᠬᠤᠶᠠᠷ ᠲᠤ᠂ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠢ ᠰᠠᠶᠢᠲᠤᠷ | ᠬᠢᠬᠦ ᠶᠢᠨ ᠪᠣᠳᠠᠲᠤ ᠲᠤᠯᠭᠠᠮ᠎ᠠ ᠴᠢᠨᠠᠷ ᠢ ᠭᠦᠨᠵᠡᠭᠡᠢ ᠡᠵᠡᠮᠳᠡᠨ ᠲᠣᠳᠣᠷᠬᠠᠢ ᠲᠠᠨᠢᠵᠤ᠂ ᠰᠠᠨᠠᠭᠠᠰᠢᠷᠠᠨ ᠵᠣᠪᠠᠨᠢᠬᠤ | ᠤᠬᠠᠮᠰᠠᠷ ᠢᠶᠠᠨ ᠴᠢᠩᠭᠠᠳᠬᠠᠨ᠂ ᠠᠮᠤᠷ ᠲᠦᠪᠰᠢᠨ ᠪᠠᠶᠢᠬᠤ ᠦᠶ᠎ᠡ ᠳᠡᠭᠡᠨ ᠠᠶᠤᠯ ᠲᠦᠭᠰᠢᠭᠦᠷᠢ ᠶᠢ ᠮᠠᠷᠲᠠᠬᠤ ᠦᠭᠡᠢ | ᠪᠠᠶᠢᠵᠤ᠂ ᠡᠯ᠎ᠡ ᠵᠦᠢᠯ ᠤᠨ ᠤᠷᠢᠳᠴᠢᠯᠠᠨ ᠵᠢᠱᠢᠵᠦ ᠪᠣᠯᠬᠤ ᠪᠠ ᠤᠷᠢᠳᠴᠢᠯᠠᠨ ᠵᠢᠱᠢᠬᠦ ᠳᠤ ᠪᠡᠷᠬᠡᠲᠡᠢ | ᠥᠷᠢᠰᠥᠯᠳᠦᠭᠡᠨ ᠰᠢᠯᠭᠠᠯᠲᠠ ᠶᠢ ᠯᠠᠪᠳᠠᠭᠤᠨ ᠢᠶᠠᠷ ᠠᠷᠭᠠᠴᠠᠬᠤ ᠬᠡᠷᠡᠭᠲᠡᠢ᠃ ᠭᠤᠷᠪᠠ ᠳᠤ ᠦᠵᠡᠯ ᠤᠬᠠᠮᠰᠠᠷ ᠤᠨ | ᠬᠡᠯᠪᠡᠷᠢ ᠶᠢᠨ ᠠᠵᠢᠯ ᠢ ᠰᠠᠶᠢᠲᠤᠷ ᠬᠢᠬᠦ ᠶᠢᠨ ᠬᠠᠨᠳᠤᠯᠭᠠᠲᠤ ᠴᠢᠨᠠᠷ ᠪᠠ ᠪᠦᠲᠦᠮᠵᠢᠲᠦ ᠴᠢᠨᠠᠷ ᠢ ᠴᠢᠩᠭᠠᠳᠬᠠᠨ᠂ | ᠬᠤᠷᠢᠭ᠎ᠠ ᠱᠤᠭᠤᠮ ᠤᠨ ᠰᠡᠳᠬᠢᠬᠦᠶ ᠶᠢ ᠪᠠᠷᠢᠮᠲᠠᠯᠠᠵᠤ᠂ ᠠᠶᠤᠯ ᠲᠦᠭᠰᠢᠭᠦᠷᠢ ᠶᠢ ᠰᠡᠷᠭᠡᠶᠢᠯᠡᠬᠦ᠂ ᠠᠮᠤᠷ ᠲᠦᠪᠰᠢᠨ ᠢ | ᠪᠠᠲᠤᠯᠠᠬᠤ ᠠᠵᠢᠯ ᠢ ᠨᠠᠩ ᠯᠠᠪᠳᠠᠭᠤᠨ ᠪᠠᠲᠤᠲᠠᠶ ᠪᠦᠲᠦᠮᠵᠢᠲᠡᠶ ᠰᠠᠶᠢᠨ ᠬᠢᠵᠦ᠂ ᠦᠵᠡᠯ ᠤᠬᠠᠮᠰᠠᠷ ᠤᠨ ᠬᠡᠯᠪᠡᠷᠢ ᠶᠢᠨ | ᠬᠦᠷᠢᠶ᠎ᠡ ᠴᠠᠷᠠᠭ᠎ᠠ ᠳᠠᠬᠢ ᠦᠭᠡᠳᠡᠷᠭᠡᠭ ᠰᠠᠶᠢᠨ ᠪᠠᠶᠢᠳᠠᠯ ᠢ ᠦᠷᠭᠦᠯᠵᠢᠯᠡᠨ ᠪᠠᠳᠤᠳᠬᠠᠬᠤ ᠭᠡᠷᠡᠭᠳᠡᠢ ᠬᠡᠵᠦ | ᠴᠢᠬᠤᠯᠠᠴᠢᠯᠠᠭᠰᠠᠨ ᠪᠠᠶᠢᠨ᠎ᠠ᠃ |