ᠠᠯᠪᠠᠨ ᠵᠢᠷᠤᠮ ᠤᠨ ᠡᠮᠴᠢᠯᠡᠭᠡ ᠬᠢᠵᠦ ᠠᠷᠠᠳ ᠣᠯᠠᠨ ᠢ ᠪᠠᠶᠠᠷᠯᠠᠭᠤᠯᠪᠠ
ᠨᠡᠶᠢᠲᠡᠯᠡᠭᠰᠡᠨ ᠴᠠᠭ᠄
2025/5/12
    5 ᠰᠠᠷ᠎ᠠ ᠶᠢᠨ 12 ᠤᠨ ᠡᠳᠦᠷ ᠪᠤᠯ ︽ᠣᠯᠠᠨ ᠤᠯᠤᠰ ᠤᠨ ᠰᠤᠪᠢᠯᠠᠭᠴᠢ ᠶᠢᠨ ᠪᠠᠶᠠᠷ ᠤᠨ ᠡᠳᠦᠷ︾ ᠪᠤᠯᠤᠨ᠎ᠠ᠃ ᠲᠤᠰ ᠡᠳᠦᠷ᠂ ᠲᠠᠶᠢᠹᠤᠰᠧ ᠬᠤᠰᠢᠭᠤᠨ ᠤ ᠠᠷᠠᠳ ᠤᠨ ᠡᠮᠨᠡᠯᠭᠡ ᠶᠢᠨ ᠬᠤᠷᠢᠶ᠎ᠠ ᠨᠢ ᠪᠡᠭᠡᠵᠢᠩ ᠤᠨ ᠲᠢᠶᠠᠨ ᠲᠠᠨ ᠡᠮᠨᠡᠯᠭᠡ ᠶᠢᠨ ᠬᠤᠷᠢᠶᠠᠨ ᠤ ᠡᠮᠴᠢᠯᠡᠭᠡᠨ ᠤ ᠠᠩᠭᠢ ᠶᠢᠨ ᠲᠤᠰᠬᠠᠢ ᠮᠡᠷᠭᠡᠵᠢᠯᠲᠡᠨ ᠨᠠᠷ ᠲᠠᠢ ᠬᠠᠮᠲᠤᠷᠠᠨ ᠪᠤᠤᠴᠠᠩ ᠪᠠᠯᠭᠠᠰᠤᠨ ᠤ ᠨᠠᠨ ᠵᠢᠶᠤᠤ ᠨᠡᠶᠢᠭᠡᠮ ᠲᠣᠭᠤᠷᠢᠭ ᠲᠤ ᠠᠯᠪᠠᠨ ᠵᠢᠷᠤᠮ ᠤᠨ ᠡᠮᠴᠢᠯᠡᠭᠡᠨ ᠤ ᠠᠵᠢᠯᠯᠠᠭ᠎ᠠ ᠥᠷᠨᠢᠭᠦᠯᠪᠡ᠃  ᠠᠬᠤᠢ ᠲᠠᠯᠠᠪᠠᠢ ᠳᠤ᠂ ᠡᠮᠴᠢ ᠰᠤᠪᠢᠯᠠᠭᠴᠢ ᠨᠠᠷ ᠰᠠᠭᠤᠭᠠᠯᠢ ᠠᠷᠠᠳ ᠲᠤ ᠴᠢᠰᠤᠨ ᠳᠠᠷᠤᠯᠲᠠ ᠬᠡᠮᠵᠢᠬᠦ᠂ ᠴᠢᠰᠤᠨ ᠰᠢᠬᠢᠷ ᠬᠡᠮᠵᠢᠬᠦ ᠵᠡᠷᠭᠡ ᠦᠨᠳᠦᠰᠦᠨ ᠪᠠᠶᠢᠴᠠᠭᠠᠯᠲᠠ ᠶᠢ ᠬᠢᠵᠦ᠂ ᠡᠪᠡᠳᠴᠢᠨ ᠡᠮᠭᠡᠭ ᠢ ᠤᠨᠤᠰᠢᠯᠠᠨ ᠲᠤᠳᠤᠯᠠᠭᠰᠠᠨ ᠤ ᠬᠠᠮᠲᠤ᠂  ᠡᠷᠡᠭᠦᠯ ᠮᠡᠨᠳᠦ ᠶᠢᠨ ᠮᠡᠳᠡᠯᠭᠡ ᠪᠠ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠵᠤ᠂  ᠡᠮ ᠲᠠᠩ ᠬᠡᠷᠡᠭᠯᠡᠬᠦ ᠵᠢᠯᠣᠭᠤᠳᠣᠯᠭ᠎ᠠ ᠪᠠ ᠰᠠᠨᠠᠭᠤᠯᠭ᠎ᠠ ᠶᠢ ᠦᠭᠬᠦᠭᠡᠳ ᠠᠷᠠᠳ ᠢᠷᠭᠡᠳ ᠤᠨ ᠮᠠᠰᠢ ᠰᠠᠶᠢᠨ ᠦᠨᠡᠯᠡᠯᠲᠡ ᠶᠢ ᠣᠯᠤᠭᠰᠠᠨ ᠪᠠᠶᠢᠨ᠎ᠠ᠃     ᠰᠠᠭᠤᠭᠠᠯᠢ ᠠᠷᠠᠳ ᠰᠣ᠋ ᠶᠦᠩ ᠱᠧᠩ  ᠄ ︽ᠦᠨᠦᠳᠦᠷ ᠤᠨ ᠠᠵᠢᠯᠯᠠᠭ᠎ᠠ ᠮᠠᠰᠢ ᠰᠠᠶᠢᠨ᠂  ᠡᠮᠴᠢ ᠰᠤᠪᠢᠯᠠᠭᠴᠢ ᠨᠠᠷ  ᠡᠬᠦᠳᠡᠨ ᠳᠤ ᠮᠢᠨᠢ ᠢᠷᠡᠵᠦ ᠪᠢᠳᠡᠨ ᠳᠤ ᠦᠢᠯᠡᠴᠢᠯᠡᠭᠰᠡᠨ᠂ ᠮᠠᠰᠢ ᠰᠡᠳᠬᠢᠯ ᠬᠠᠨᠤᠮᠵᠢᠲᠠᠶ ᠪᠠᠶᠢᠨ᠎ᠠ᠂  ᠡᠮᠨᠡᠯᠭᠡ ᠶᠢᠨ ᠠᠵᠢᠯᠳᠠᠳ ᠲᠠᠭᠠᠨ ᠪᠠᠶᠠᠷᠯᠠᠨ ᠲᠠᠯᠠᠷᠬᠠᠵᠤ᠂ ᠪᠠᠶᠠᠷ ᠤᠨ ᠡᠳᠦᠷ ᠤᠨ ᠮᠡᠨᠳᠦᠴᠢᠯᠡᠯ ᠲᠡᠪᠰᠢᠬᠦᠯᠦᠨ᠂ ᠠᠵᠢᠯ ᠦᠢᠯᠡᠰ ᠨᠢ ᠨᠡᠩ ᠤᠷᠤᠭᠰᠢᠲᠠᠶ ᠪᠠᠶᠢᠬᠤ ᠶᠢ ᠵᠥᠩᠨᠡᠶ᠎ᠡ︾᠃     ᠬᠤᠰᠢᠭᠤ ᠡᠮᠨᠡᠯᠭᠡ ᠶᠢᠨ ᠬᠤᠷᠢᠶᠠᠨ ᠤ ᠰᠤᠪᠢᠯᠠᠭᠴᠢ ᠶᠢᠨ ᠬᠡᠯᠲᠡᠰ ᠤᠨ ᠳᠠᠷᠤᠭ᠎ᠠ ᠼᠤᠤ ᠯᠠᠨ᠄ ︽ᠠᠯᠪᠠᠨ ᠵᠢᠷᠤᠮ ᠤᠨ ᠡᠮᠴᠢᠯᠡᠭᠡ ᠬᠢᠬᠦ ᠪᠣᠯ ᠪᠢᠳᠡᠨ ᠤ ᠨᠡᠶᠢᠭᠡᠮ ᠨᠡᠶᠢᠳᠡ ᠳᠤ ᠠᠴᠢ ᠬᠠᠷᠢᠭᠤᠯᠬᠤ ᠴᠢᠬᠤᠯᠠ ᠠᠷᠭ᠎ᠠ ᠬᠡᠯᠪᠡᠷᠢ ᠶᠤᠮ᠃  ᠠᠵᠢᠯᠯᠠᠭ᠎ᠠ ᠪᠠᠷ ᠲᠠᠮᠵᠢᠭᠠᠳ ᠠᠷᠠᠳ ᠣᠯᠠᠨ ᠲᠠᠢ ᠤᠯᠠᠮ ᠣᠶᠢᠷᠠᠲᠤᠵᠤ᠂ ᠠᠷᠠᠳ ᠤᠯᠠᠨ ᠳᠤ ᠨᠠᠩ ᠲᠤᠰᠬᠠᠶ ᠮᠡᠷᠭᠡᠵᠢᠯ ᠤᠨ᠂ ᠨᠠᠩ ᠴᠢᠨᠠᠷ ᠰᠠᠶᠢᠲᠠᠶ ᠡᠷᠡᠬᠦᠯ ᠮᠡᠨᠳᠦ ᠶᠢᠨ ᠦᠢᠯᠡᠴᠢᠯᠡᠭᠡ ᠬᠠᠩᠭᠠᠬᠤ ᠶᠢᠨ ᠬᠠᠮᠳᠤ ᠡᠷᠡᠭᠦᠯ ᠮᠡᠨᠳᠦ ᠶᠢᠨ ᠮᠡᠳᠡᠯᠭᠡ ᠶᠢ ᠲᠦᠭᠡᠮᠡᠯᠵᠢᠭᠦᠯᠵᠦ᠂ ᠠᠷᠠᠳ ᠤᠯᠠᠨ ᠤ ᠡᠷᠡᠭᠦᠯ ᠮᠡᠨᠳᠦ ᠶᠢᠨ ᠬᠡᠪ ᠪᠣᠯᠪᠠᠰᠤᠷᠠᠯ ᠢ ᠲᠡᠭᠡᠭᠰᠢᠯᠡᠬᠦᠯᠬᠦ ᠪᠤᠯ ᠮᠠᠨ ᠤ ᠦᠨᠦᠳᠦᠷ ᠤᠨ ᠠᠵᠢᠯᠯᠠᠭᠠᠨ ᠤ ᠵᠤᠷᠢᠯᠭ᠎ᠠ ᠪᠤᠯᠤᠨ᠎ᠠ︾᠃    ᠠᠵᠢᠯᠯᠠᠭ᠎ᠠ ᠳᠤ ᠣᠷᠣᠯᠴᠠᠭᠰᠠᠨ ᠡᠮᠨᠡᠯᠭᠡ ᠶᠢᠨ ᠠᠵᠢᠯᠲᠠᠳ ᠢᠯᠡᠷᠬᠡᠶᠢᠯᠡᠬᠦ ᠳᠡᠭᠡᠨ᠄ ︽ᠰᠤᠪᠢᠯᠠᠭᠴᠢ ᠶᠢᠨ ᠪᠠᠶᠠᠷ ᠬᠦᠷᠴᠦ ᠢᠷᠡᠬᠦ ᠲᠠᠰᠢᠷᠠᠮ ᠢᠶᠠᠷ ᠠᠯᠪᠠᠨ ᠵᠢᠷᠤᠮ ᠤᠨ ᠡᠮᠴᠢᠯᠡᠭᠡᠨ ᠤ ᠠᠵᠢᠯᠯᠠᠭ᠎ᠠ ᠳᠤ ᠣᠷᠣᠯᠴᠠᠵᠤ᠂ ᠰᠤᠷᠴᠤ ᠡᠵᠡᠮᠰᠢᠭᠰᠡᠨ ᠲᠤᠰᠬᠠᠶ ᠮᠡᠷᠭᠡᠵᠢᠯ ᠢᠶᠠᠷ ᠢᠶᠠᠨ ᠠᠷᠠᠳ ᠢᠷᠭᠡᠳ ᠲᠤ ᠦᠢᠯᠡᠴᠢᠯᠡᠭᠡ ᠬᠠᠩᠭᠠᠬᠤ ᠨᠢ ᠲᠦᠢᠯ ᠤᠨ ᠤᠳᠬ᠎ᠠ ᠠᠭᠤᠯᠭ᠎ᠠ ᠲᠠᠢ ᠰᠠᠨᠠᠭᠳᠠᠨ᠎ᠠ᠂ ᠬᠤᠶᠢᠰᠢᠳᠠ  ᠠᠯᠪᠠᠨ ᠵᠢᠷᠤᠮ ᠤᠨ ᠡᠮᠴᠢᠯᠡᠭᠡᠨ ᠤ ᠠᠵᠢᠯᠯᠠᠭ᠎ᠠ ᠳᠤ ᠦᠷᠭᠦᠯᠵᠢᠯᠡᠨ ᠣᠷᠣᠯᠴᠠᠵᠤ ︿ᠨᠡᠮᠡᠷᠢ ᠬᠠᠨᠳᠢᠪᠯᠠᠬᠤ᠂ ᠨᠠᠶᠢᠷᠰᠠᠭ ᠬᠠᠷᠢᠯᠴᠠᠬᠤ᠂ ᠬᠠᠷᠢᠯᠴᠠᠨ ᠬᠠᠪᠰᠤᠷᠤᠯᠴᠠᠬᠤ᠂  ᠬᠠᠮᠳᠤᠪᠠᠷ ᠳᠠᠪᠰᠢᠬᠤ﹀ ᠰᠠᠶᠢᠨ ᠳᠤᠷ᠎ᠠ ᠶᠢᠨ ᠦᠢᠯᠡᠴᠢᠯᠡᠭᠡᠨ ᠤ ᠵᠣᠷᠢᠭ ᠰᠠᠨᠠᠭ᠎ᠠ ᠶᠢ ᠪᠠᠳᠠᠷᠠᠭᠤᠯᠤᠨ᠂ ᠠᠷᠠᠳ ᠣᠯᠠᠨ  ᠳᠤ ᠨᠠᠩ ᠴᠢᠨᠠᠷ ᠰᠠᠶᠢᠲᠠᠶ ᠡᠷᠡᠬᠦᠯ ᠮᠡᠨᠳᠦ ᠶᠢᠨ ᠦᠢᠯᠡᠴᠢᠯᠡᠭᠡ ᠬᠠᠩᠭᠠᠵᠤ᠂ ᠠᠷᠠᠳ ᠤᠯᠠᠨ ᠤ ᠡᠷᠡᠭᠦᠯ ᠮᠡᠨᠳᠦ ᠶᠢᠨ ᠬᠡᠪ ᠪᠣᠯᠪᠠᠰᠤᠷᠠᠯ ᠢ ᠳᠡᠭᠡᠭᠰᠢᠯᠡᠭᠦᠯᠬᠦ ᠪᠠᠷ ᠴᠢᠷᠮᠠᠶᠢᠨ᠎ᠠ︾ ᠬᠡᠵᠡᠭᠡᠨ᠎ᠡ᠃  
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号