ᠲᠠᠶᠢᠹᠤᠰᠧ ᠬᠤᠰᠢᠭᠤ ︽ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠡᠳᠦᠷ︾ ᠤᠨ ᠤᠬᠠᠭᠤᠯᠭ᠎ᠠ ᠬᠢᠭᠰᠡᠨ
ᠨᠡᠶᠢᠲᠡᠯᠡᠭᠰᠡᠨ ᠴᠠᠭ᠄
2025/5/13
    5 ᠰᠠᠷ᠎ᠠ ᠶᠢᠨ 12 ᠤᠨ ᠡᠳᠦᠷ᠂ ᠲᠠᠶᠢᠹᠤᠰᠧ ᠬᠤᠰᠢᠭᠤ ︽ᠪᠥᠬᠦ ᠤᠯᠤᠰ ᠤᠨ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠡᠳᠦᠷ︾ ᠤᠨ ᠭᠤᠤᠯ ᠰᠡᠳᠦᠪᠲᠦ ᠤᠬᠠᠭᠤᠯᠭ᠎ᠠ ᠶᠢᠨ ᠠᠵᠢᠯᠯᠠᠭ᠎ᠠ ᠦᠷᠨᠢᠬᠦᠯᠵᠦ᠂ ᠠᠬᠤᠢ ᠲᠠᠯᠠᠪᠠᠶ ᠳᠤ ᠦᠵᠡᠭᠦᠯᠭᠡ ᠶᠢᠨ ᠰᠠᠮᠪᠠᠷ᠎ᠠ ᠪᠤᠰᠬᠠᠬᠤ᠂ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠬᠤ᠂ ᠠᠪᠤᠷᠠᠨ ᠲᠤᠰᠠᠯᠠᠬᠤ ᠪᠠᠭᠠᠵᠢ ᠬᠡᠷᠡᠭᠰᠡᠯ ᠢ ᠲᠠᠭᠤᠷᠢᠶᠠᠵᠤ ᠭᠡᠷᠡᠭᠯᠡᠬᠦᠯᠬᠦ᠂ ᠠᠷᠠᠳ ᠤᠯᠠᠨ ᠤ ᠠᠰᠠᠭᠤᠯᠳᠠ ᠶᠢ ᠬᠠᠷᠢᠭᠤᠯᠵᠤ ᠲᠥᠭᠡᠷᠢᠭᠳᠡᠯ ᠢ ᠲᠠᠶᠢᠯᠬᠤ ᠵᠡᠷᠭᠡ ᠠᠷᠭ᠎ᠠ ᠬᠡᠯᠪᠡᠷᠢ ᠪᠠᠷ ᠣᠯᠠᠨ ᠲᠦᠮᠡᠨ ᠳᠤ ᠡᠯ᠎ᠡ ᠲᠥᠷᠥᠯ ᠤᠨ ᠭᠠᠶ ᠭᠠᠮᠰᠢᠭ ᠢ ᠠᠷᠭᠠᠴᠠᠨ ᠰᠡᠷᠭᠡᠶᠢᠯᠡᠬᠦ ᠮᠡᠳᠡᠯᠭᠡ ᠶᠢ ᠤᠬᠠᠭᠤᠯᠤᠨ ᠲᠦᠭᠡᠮᠡᠯᠵᠢᠭᠦᠯᠵᠦ᠂ ᠪᠠᠴᠢᠮ ᠪᠠᠶᠢᠳᠠᠯ ᠢ ᠠᠷᠭᠠᠴᠠᠵᠤ ᠠᠶᠤᠯ ᠠᠴᠠ ᠵᠠᠶᠢᠯᠠᠬᠤ ᠮᠡᠳᠡᠯᠭᠡ ᠴᠢᠳᠠᠪᠤᠷᠢ ᠶᠢ ᠤᠯᠠᠮᠵᠢᠯᠠᠨ᠂ ᠣᠯᠠᠨ ᠨᠡᠶᠢᠲᠡ ᠶᠢᠨ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠤᠬᠠᠮᠰᠠᠷ ᠢ ᠴᠢᠩᠭᠠᠳᠬᠠᠵᠤ᠂ ᠭᠠᠮᠰᠢᠭ ᠠᠴᠠ ᠰᠡᠷᠭᠡᠶᠢᠯᠡᠵᠦ ᠥᠪᠡᠷ ᠢ ᠪᠠᠨ ᠠᠪᠤᠷᠠᠬᠤ ᠬᠢᠷᠢ ᠴᠢᠳᠠᠪᠤᠷᠢ ᠶᠢ  ᠲᠡᠭᠡᠭᠰᠢᠯᠡᠬᠦᠯᠦᠭᠰᠡᠨ ᠪᠠᠶᠢᠨ᠎ᠠ᠃ ᠡᠨᠡ ᠤᠳᠠᠭᠠᠨ ᠤ ᠠᠵᠢᠯᠯᠠᠭ᠎ᠠ ᠶᠢ ᠲᠠᠶᠢᠹᠤᠰᠧ ᠬᠤᠰᠢᠭᠤᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠤᠪᠴᠢᠶ᠎ᠠ ᠠᠴᠠ ᠭᠤᠣᠯᠯᠠᠨ ᠡᠷᠭᠢᠯᠡᠵᠦ᠂  ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠵᠥᠪᠯᠡᠯ ᠤᠨ ᠡᠯ᠎ᠡ ᠭᠡᠰᠢᠬᠦᠨ ᠨᠢᠬᠡᠴᠡ ᠵᠢᠴᠢ 6 ᠰᠠᠯᠠᠭ᠎ᠠ ᠠᠪᠤᠷᠠᠨ ᠲᠤᠰᠠᠯᠠᠬᠤ ᠠᠩᠭᠢ ᠠᠵᠢᠯᠯᠠᠭ᠎ᠠ ᠳᠤ ᠤᠷᠤᠯᠴᠠᠵᠠᠢ᠃  ᠡᠨᠡ ᠤᠳᠠᠭ᠎ᠠ ᠡᠯ᠎ᠡ ᠲᠥᠷᠥᠯ ᠤᠨ ᠤᠬᠠᠭᠤᠯᠭ᠎ᠠ ᠶᠢᠨ ᠰᠠᠮᠪᠠᠷ᠎ᠠ 26 ᠶᠢ ᠪᠤᠰᠬᠠᠵᠤ᠂  20 ᠭᠠᠷᠤᠶ ᠤᠬᠠᠭᠤᠯᠭ᠎ᠠ ᠶᠢᠨ ᠲᠡᠷᠭᠡ ᠬᠦᠳᠡᠯᠬᠡᠨ  ᠂ 1200 ᠭᠠᠷᠤᠶ ᠬᠤᠪᠢ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠭᠰᠠᠨ ᠪᠦᠭᠡᠳ  350 ᠭᠠᠷᠤᠶ ᠬᠥᠮᠦᠨ ︵ᠤᠳᠠᠭ᠎ᠠ︶ ᠤ  ᠠᠰᠠᠭᠤᠵᠤ ᠯᠠᠪᠯᠠᠭᠰᠠᠨ ᠵᠦᠢᠯ ᠳᠤ ᠬᠠᠷᠢᠭᠤᠯᠲᠠ ᠥᠭᠪᠡ᠃ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠤᠪᠴᠢᠶᠠᠨ  ᠤ ᠠᠵᠢᠯᠲᠠᠨ ᠵᠦ ᠾᠧ ᠲᠠᠨᠢᠯᠴᠠᠭᠤᠯᠬᠤ ᠳᠠᠭᠠᠨ᠄ ︽ ᠬᠤᠶᠢᠰᠢᠳᠠ ᠮᠠᠨ ᠤ ᠲᠣᠪᠴᠢᠶ᠎ᠠ ᠨᠢ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ ᠤᠬᠠᠭᠤᠯᠭ᠎ᠠ ᠶᠢᠨ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠠᠵᠤ ᠠᠬᠤᠶᠢᠯᠠᠯ᠂  ᠰᠤᠷᠭᠠᠭᠤᠯᠢ ᠴᠡᠴᠡᠷᠯᠢᠭ  ᠂ ᠨᠡᠶᠢᠭᠡᠮ ᠲᠣᠭᠤᠷᠢᠭ᠂  ᠰᠠᠭᠤᠭᠠᠯᠢ ᠲᠣᠭᠤᠷᠢᠭ ᠵᠡᠷᠭᠡ   ᠳᠤ ᠭᠦᠨᠵᠡᠭᠡᠶᠢᠷᠡᠨ᠂ ᠨᠠᠩ ᠬᠠᠨᠳᠤᠯᠭᠠᠲᠤ ᠴᠢᠨᠠᠷᠲᠠᠶ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠵᠦ᠂ ᠣᠯᠠᠨ ᠲᠦᠮᠡᠨ ᠤ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ ᠳᠤ ᠣᠷᠣᠯᠴᠠᠬᠤ ᠢᠳᠡᠪᠬᠢᠵᠢᠯ ᠢ ᠳᠠᠶᠢᠴᠢᠯᠠᠨ᠂ ᠭᠠᠮᠰᠢᠭ ᠢ ᠰᠡᠷᠭᠡᠶᠢᠯᠡᠬᠦ ᠦᠵᠡᠯ ᠤᠬᠠᠮᠰᠠᠷ ᠪᠠ ᠬᠡᠪ ᠪᠣᠯᠪᠠᠰᠤᠷᠠᠯ ᠢ ᠴᠢᠩᠭᠠᠳᠬᠠᠨ᠎ᠠ︾ ᠬᠡᠯ᠎ᠡ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号