ᠰᠤᠷᠭᠠᠨ ᠬᠦᠮᠦᠵᠢᠯ ᠤᠨ ᠶᠠᠰᠤ ᠴᠢᠨᠠᠷ ᠢ ᠳᠡᠭᠡᠭᠰᠢᠯᠡᠭᠦᠯᠬᠦ ᠲᠤᠰᠬᠠᠶ ᠰᠡᠳᠦᠪᠲᠦ ᠪᠠᠶᠢᠴᠠᠭᠠᠨ ᠰᠤᠳᠤᠯᠤᠯᠲᠠ ᠬᠢᠭᠰᠡᠨ
ᠨᠡᠶᠢᠲᠡᠯᠡᠭᠰᠡᠨ ᠴᠠᠭ᠄
2025/5/13
   5 ᠰᠠᠷ᠎ᠠ ᠶᠢᠨ 8 ᠤ ᠡᠳᠦᠷ ᠠᠴᠠ 9 ᠤ ᠡᠳᠦᠷ᠂ ᠲᠠᠶᠢᠹᠤᠰᠧ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠯᠢᠦ ᠲᠢᠩ ᠰᠢᠤ ᠬᠤᠰᠢᠭᠤ ᠱᠠᠲᠤᠨ ᠤ ᠬᠡᠰᠡᠭ ᠠᠷᠠᠳ ᠤᠨ ᠲᠥᠯᠥᠭᠡᠯᠡᠭᠴᠢ ᠪᠠᠷ ᠪᠦᠷᠢᠯᠳᠦᠭᠰᠡᠨ ᠲᠤᠰᠬᠠᠶ ᠰᠡᠳᠦᠪᠲᠦ ᠪᠠᠶᠢᠴᠠᠭᠠᠨ ᠰᠤᠳᠤᠯᠬᠤ ᠳᠤᠭᠤᠶᠢᠯᠠᠩ ᠢ ᠲᠠᠭᠠᠭᠤᠯᠵᠤ᠂ ᠬᠤᠰᠢᠭᠤᠨ ᠤ ᠨᠢᠭᠡᠳᠦᠭᠡᠷ ᠪᠠᠭ᠎ᠠ ᠰᠤᠷᠭᠠᠭᠤᠯᠢ᠂ ᠭᠤᠷᠪᠠᠳᠤᠭᠠᠷ ᠪᠠᠭ᠎ᠠ ᠰᠤᠷᠭᠠᠭᠤᠯᠢ᠂ ᠳᠥᠷᠪᠡᠳᠦᠭᠡᠷ ᠪᠠᠭ᠎ᠠ ᠰᠤᠷᠭᠠᠭᠤᠯᠢ᠂ ᠯᠦᠸᠧ ᠲᠦᠸᠧ ᠱᠠᠨ ᠪᠠᠭ᠎ᠠ ᠰᠤᠷᠭᠠᠭᠤᠯᠢ᠂ ᠬᠤᠶᠠᠳᠤᠭᠠᠷ ᠳᠤᠮᠳᠠᠳᠤ ᠰᠤᠷᠭᠠᠭᠤᠯᠢ᠂ ᠳᠥᠷᠪᠡᠳᠦᠭᠡᠷ ᠳᠤᠮᠳᠠᠳᠤ ᠰᠤᠷᠭᠠᠭᠤᠯᠢ᠂ ᠨᠢᠭᠡᠳᠦᠭᠡᠷ ᠳᠤᠮᠳᠠᠳᠤ ᠰᠤᠷᠭᠠᠭᠤᠯᠢ   ᠳᠤ ᠬᠦᠨᠵᠡᠬᠡᠶᠢᠷᠡᠨ  ᠂ ᠪᠥᠬᠦ ᠬᠤᠰᠢᠭᠤᠨ ᠤ ᠰᠤᠷᠭᠠᠨ ᠬᠥᠮᠦᠵᠢᠯ ᠤᠨ ᠶᠠᠰᠤ ᠴᠢᠨᠠᠷ ᠢ ᠳᠡᠭᠡᠭᠰᠢᠯᠡᠭᠦᠯᠬᠦ ᠠᠵᠢᠯ ᠤᠨ ᠲᠠᠯ᠎ᠠ  ᠪᠠᠷ ᠪᠠᠶᠢᠴᠠᠭᠠᠨ ᠰᠤᠳᠤᠯᠤᠯᠲᠠ ᠬᠢᠵᠡᠢ᠃ ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠰᠤᠷᠭᠠᠭᠤᠯᠢ ᠶᠢᠨ ᠬᠦᠷᠢᠶᠡᠨ ᠤ ᠣᠷᠴᠢᠨ ᠲᠣᠭᠤᠷᠢᠨ᠂ ᠵᠢᠭᠠᠨ ᠰᠤᠷᠭᠠᠯᠲᠠ ᠶᠢᠨ ᠲᠠᠯᠠᠪᠤᠷ᠂ ᠪᠠᠶᠢᠷᠢ ᠶᠢᠨ ᠬᠡᠷ᠂ ᠬᠤᠭᠤᠯᠠᠨ ᠬᠡᠷ ᠵᠡᠷᠭᠡ ᠰᠠᠭᠤᠷᠢ ᠲᠥᠬᠦᠭᠡᠷᠦᠮᠵᠢ ᠶᠢ ᠪᠠᠶᠢᠴᠠᠭᠠᠨ ᠦᠵᠡᠵᠦ᠂ ᠬᠠᠷᠢᠭᠤ ᠮᠡᠳᠡᠭᠦᠯᠦᠯᠲᠡ ᠰᠣᠨᠣᠰᠬᠤ᠂ ᠪᠠᠶᠢᠴᠠᠭᠠᠨ ᠦᠵᠡᠬᠦ᠂ ᠶᠠᠷᠢᠯᠴᠠᠨ ᠰᠣᠯᠢᠯᠴᠠᠬᠤ ᠵᠡᠷᠭᠡ ᠬᠡᠯᠪᠡᠷᠢ ᠪᠠᠷ ᠲᠤᠮᠳᠠᠳᠤ ᠪᠠᠭ᠎ᠠ ᠰᠤᠷᠭᠠᠭᠤᠯᠢ ᠶᠢᠨ ᠰᠤᠷᠭᠠᠭᠤᠯᠢ ᠡᠷᠭᠢᠯᠡᠬᠦ ᠬᠡᠪᠴᠢᠶ᠎ᠡ᠂ ᠪᠠᠭᠰᠢ ᠶᠢᠨ ᠲᠣᠬᠢᠷᠠᠭᠤᠯᠤᠯᠲᠠ᠂ ᠬᠢᠴᠢᠶᠡᠯ ᠤᠨ ᠪᠠᠶᠢᠷᠢᠯᠠᠭᠤᠯᠤᠯᠲᠠ᠂ ᠵᠢᠭᠠᠨ ᠰᠤᠷᠭᠠᠯᠲᠠ ᠶᠢᠨ ᠶᠠᠰᠤ ᠴᠢᠨᠠᠷ᠂ ᠰᠣᠷᠣᠭᠴᠢ ᠶᠢᠨ ᠬᠠᠮᠢᠶᠠᠷᠤᠯᠲᠠ᠂ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ  ᠂ ᠪᠠᠭᠰᠢ ᠶᠢᠨ ᠮᠣᠷᠠᠯ ᠰᠤᠷᠲᠠᠯ ᠤᠨ ᠲᠦᠷᠢᠮ ᠤᠨ ᠪᠠᠶᠢᠭᠤᠯᠤᠯᠲᠠ ᠪᠠ ᠰᠢᠯᠭᠠᠨ ᠦᠨᠡᠯᠡᠬᠦ ᠲᠣᠭᠲᠠᠴᠠ ᠵᠢᠴᠢ ᠰᠤᠷᠭᠠᠨ ᠬᠥᠮᠦᠵᠢᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠰᠦᠪᠡᠭᠴᠢᠯᠡᠯᠲᠡ ᠪᠠ ᠦᠢᠯᠡᠳᠦᠯᠭᠡ ᠶᠢᠨ ᠪᠠᠶᠢᠳᠠᠯ ᠂ ᠣᠳᠣᠬᠠᠨ ᠤ ᠰᠤᠷᠭᠠᠨ ᠬᠥᠮᠦᠵᠢᠯ ᠤᠨ ᠴᠢᠨᠠᠷ ᠰᠠᠶᠢᠲᠠᠢ ᠬᠥᠭᠵᠢᠯᠲᠡ ᠳᠤ ᠣᠷᠣᠰᠢᠵᠤ ᠪᠠᠶᠢᠭ᠎ᠠ ᠭᠤᠣᠯ ᠠᠰᠠᠭᠤᠳᠠᠯ ᠪᠠ ᠠᠷᠭᠠᠴᠠᠬᠤ ᠠᠷᠭ᠎ᠠ ᠪᠤᠳᠤᠯᠭ᠎ᠠ ᠶᠢ ᠪᠠᠶᠢᠴᠠᠭᠠᠨ ᠤᠶᠢᠯᠠᠭᠠᠪᠠ᠃ ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠲᠤᠰᠬᠠᠶ ᠰᠡᠳᠦᠪᠲᠦ ᠪᠠᠶᠢᠴᠠᠭᠠᠨ ᠰᠤᠳᠤᠯᠤᠯᠲᠠ ᠶᠢᠨ ᠮᠡᠳᠡᠭᠦᠯᠦᠯᠲᠡ ᠲᠤᠭᠤᠷᠪᠢᠵᠤ᠂ ᠬᠤᠰᠢᠭᠤ ᠨᠠᠮ ᠵᠠᠰᠠᠭ ᠤᠨ ᠰᠢᠢᠳᠪᠦᠷᠢᠳᠦ ᠪᠣᠳᠣᠯᠭ᠎ᠠ ᠲᠤᠭᠳᠠᠭᠠᠬᠤ ᠳᠤ ᠯᠠᠪᠯᠠᠯᠲᠠ ᠬᠠᠩᠭᠠᠨ᠂ ᠪᠦᠬᠦ ᠬᠤᠰᠢᠭᠤᠨ ᠤ ᠰᠤᠷᠭᠠᠨ ᠬᠥᠮᠦᠵᠢᠯ ᠤᠨ ᠬᠠᠮᠢᠶᠠᠷᠤᠯᠲᠠ᠂ ᠰᠤᠷᠭᠠᠨ ᠬᠥᠮᠦᠵᠢᠯ ᠤᠨ ᠥᠭᠡᠷᠡᠴᠢᠯᠡᠯᠲᠡ᠂ ᠰᠤᠷᠭᠠᠨ ᠬᠦᠮᠦᠵᠢᠯ ᠶᠠᠰᠤ ᠴᠢᠨᠠᠷ ᠢ ᠪᠦᠲᠦᠮᠵᠢᠲᠡᠶ ᠠᠬᠢᠭᠤᠯᠬᠤ ᠪᠠᠷ ᠪᠠᠶᠢᠨ᠎ᠠ᠃  ᠳᠡᠳ᠋ ᠬᠤᠰᠢᠭᠤ ᠳᠠᠷᠤᠭ᠎ᠠ ᠾᠧ ᠳ᠋ᠢᠩ ᠪᠠᠶᠢᠴᠠᠭᠠᠨ ᠰᠤᠳᠤᠯᠤᠯᠲᠠ ᠳᠤ ᠤᠷᠤᠯᠴᠠᠵᠤ᠂ ᠵᠠᠰᠠᠭ ᠤᠨ ᠣᠷᠳᠣᠨ ᠤ ᠠᠯᠪᠠᠨ ᠭᠡᠷ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠤᠪᠴᠢᠶ᠎ᠠ᠂ ᠰᠤᠷᠭᠠᠨ ᠬᠥᠮᠦᠵᠢᠯ ᠤᠨ ᠲᠤᠪᠴᠢᠶ᠎ᠠ᠂ ᠠᠷᠠᠳ ᠤᠨ ᠶᠠᠪᠤᠳᠠᠯ ᠤᠨ ᠲᠤᠪᠴᠢᠶ᠎ᠠ᠂ ᠡᠳ᠋ ᠤᠨ ᠵᠠᠰᠠᠭ ᠤᠨ ᠲᠤᠪᠴᠢᠶ᠎ᠠ ᠵᠡᠷᠭᠡ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠶᠠᠷᠢᠯᠴᠠᠬᠤ ᠬᠤᠷᠠᠯ ᠳᠤ ᠣᠷᠣᠯᠴᠠᠪᠠ᠃
 
ᠢᠷᠡᠯᠲᠡ᠄ ᠲᠠᠶᠢᠹᠤᠰᠧ ᠬᠤᠰᠢᠭᠤᠨ ᠤ ᠠᠷᠠᠳ ᠶᠢᠨ ᠲᠥᠯᠥᠭᠡᠯᠡᠭᠴᠢᠳ ᠶᠢᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号