ᠴᠧᠨ ᠶᠠᠨ ᠪᠦᠦ ᠪᠤᠤᠴᠠᠩ ᠪᠠᠯᠭᠠᠰᠤ᠂ ᠴᠢᠶᠠᠨ ᠶᠢᠨ ᠭᠸᠦ ᠪᠠᠯᠭᠠᠰᠤᠨ ᠳᠤ ᠬᠦᠨᠵᠡᠬᠡᠶᠢᠷᠡᠵᠦ ᠭᠤᠤᠯᠳᠠᠯᠭ᠎ᠠ  ᠲᠠᠢ ᠠᠵᠢᠯ ᠢ ᠪᠠᠶᠢᠴᠠᠭᠠᠨ ᠰᠤᠳᠤᠯᠤᠭᠰᠠᠨ
ᠨᠡᠶᠢᠲᠡᠯᠡᠭᠰᠡᠨ ᠴᠠᠭ᠄
2025/5/13
   5 ᠰᠠᠷ᠎ᠠ ᠶᠢᠨ 12 ᠤᠨ ᠡᠳᠦᠷ᠂ ᠬᠤᠰᠢᠭᠤ ᠨᠠᠮ ᠤᠨ ᠬᠤᠷᠢᠶᠠᠨ ᠤ ᠱᠦᠵᠢ ᠴᠧᠨ ᠶᠠᠨ ᠪᠦᠦ ᠪᠤᠤᠴᠠᠩ ᠪᠠᠯᠭᠠᠰᠤ᠂ ᠴᠢᠶᠠᠨ ᠶᠢᠨ ᠭᠸᠦ ᠪᠠᠯᠭᠠᠰᠤᠨ ᠳᠤ ᠬᠦᠨᠵᠡᠬᠡᠶᠢᠷᠡᠵᠦ᠂ ᠣᠷᠣᠰᠢᠨ ᠰᠠᠭᠤᠷᠢᠰᠢᠬᠤ ᠣᠷᠴᠢᠨ ᠲᠣᠭᠤᠷᠢᠨ ᠤ ᠵᠠᠰᠠᠯᠳᠠ᠂ ᠬᠤᠲᠠ ᠶᠢᠨ ᠪᠥᠲᠥᠭᠡᠨ ᠪᠠᠶᠢᠭᠤᠯᠤᠯᠲᠠ᠂ ᠨᠣᠭᠤᠭᠠᠷᠠᠭᠤᠯᠤᠯᠲᠠ᠂  ᠨᠠᠭᠤᠷ ᠭᠤᠤᠯ ᠤᠨ ᠵᠠᠰᠠᠯᠳᠠ᠂ ᠲᠦᠬᠦᠭᠡᠷᠦᠮᠵᠢᠲᠦ ᠲᠠᠷᠢᠶᠠᠯᠠᠩ ᠵᠢᠴᠢ ᠠᠶᠤᠯᠭᠦᠶ ᠦᠢᠯᠡᠳᠪᠦᠷᠢᠯᠡᠯ ᠵᠡᠷᠭᠡ ᠭᠤᠤᠯᠳᠠᠯᠭ᠎ᠠ ᠲᠠᠢ ᠠᠵᠢᠯ ᠤᠨ ᠲᠣᠭᠤᠷᠢᠨ ᠳᠤ ᠪᠠᠶᠢᠴᠠᠭᠠᠨ ᠰᠤᠳᠤᠯᠤᠯᠲᠠ ᠬᠢᠵᠡᠢ᠃ ᠴᠧᠨ ᠶᠠᠨ ᠪᠦᠦ ᠴᠢᠬᠤᠯᠠᠴᠢᠯᠠᠬᠤ ᠳᠠᠭᠠᠨ᠂ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠳᠤᠳᠬᠠᠨ᠂ ᠬᠤᠳᠠ ᠶᠢᠨ ᠪᠠᠶᠢᠭᠤᠯᠤᠯᠲᠠ ᠶᠢᠨ ᠠᠵᠢᠯ ᠤᠨ ᠴᠢᠬᠤᠯᠠ ᠠᠴᠢ ᠬᠤᠯᠪᠣᠭᠳᠠᠯ ᠢ ᠭᠦᠨᠵᠡᠭᠡᠢ ᠲᠠᠨᠢᠵᠤ᠂ ᠥᠨᠳᠥᠷ ᠲᠦᠪᠰᠢᠨ ᠢᠶᠠᠷ ᠲᠥᠯᠥᠪᠵᠢᠭᠦᠯᠬᠦ᠂ ᠴᠢᠨᠠᠷ ᠰᠠᠶᠢᠲᠠᠢ ᠪᠠᠶᠢᠭᠤᠯᠬᠤ᠂ ᠨᠠᠷᠢᠯᠢᠬᠵᠢᠭᠤᠯᠤᠨ ᠬᠠᠮᠢᠶᠠᠷᠬᠤ ᠶᠢ ᠪᠠᠷᠢᠮᠲᠠᠯᠠᠬᠤ ᠬᠡᠷᠡᠭᠲᠡᠢ᠃  ᠲᠦᠷᠢᠮ ᠲᠣᠭᠲᠠᠭᠠᠯ ᠠᠴᠠ ᠵᠦᠷᠢᠴᠡᠭᠰᠡᠨ ᠠᠰᠠᠭᠤᠳᠠᠯ ᠢ  ᠰᠢᠢᠳᠪᠦᠷᠢᠯᠡᠬᠦ ᠪᠣᠳᠠᠲᠤ ᠦᠷ᠎ᠡ ᠪᠦᠲᠦᠮᠵᠢ ᠶᠢ ᠠᠵᠢᠯ   ᠤᠨ ᠪᠦᠳᠦᠮᠵᠢ ᠶᠢ ᠰᠢᠯᠭᠠᠬᠤ ᠪᠠᠷᠢᠮᠵᠢᠶ᠎ᠠ ᠪᠣᠯᠭᠠᠵᠤ᠂ ᠡᠳᠦᠷ ᠲᠤᠳᠤᠮ ᠤᠨ ᠬᠠᠮᠢᠶᠠᠷᠤᠯᠲᠠ ᠶᠢᠨ ᠳᠤᠮᠳᠠᠬᠢ ᠬᠦᠴᠢᠷ ᠲᠦᠪᠡᠭ ᠲᠠᠢ ᠠᠰᠠᠭᠤᠳᠠᠯ ᠢ ᠲᠥᠪᠯᠡᠷᠡᠭᠦᠯᠦᠨ ᠰᠢᠢᠳᠪᠦᠷᠢᠯᠡᠵᠦ᠂ ᠬᠤᠳᠠ ᠶᠢᠨ ᠬᠠᠮᠢᠶᠠᠷᠤᠯᠲᠠ ᠶᠢᠨ ᠲᠦᠪᠰᠢᠨ ᠢ ᠪᠦᠬᠦ ᠲᠠᠯ᠎ᠠ ᠪᠠᠷ ᠳᠡᠭᠡᠭᠰᠢᠯᠡᠭᠦᠯᠬᠦ ᠬᠡᠷᠡᠭᠲᠡᠢ᠃  ᠨᠠᠭᠤᠷ ᠭᠤᠣᠯ ᠤᠨ ᠡᠳᠦᠷ ᠲᠤᠳᠤᠮ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠂ ᠬᠤᠷᠠᠭᠰᠠᠨ ᠪᠤᠳᠠᠰ ᠢ ᠴᠡᠪᠡᠷᠯᠡᠨ ᠠᠷᠢᠯᠭᠠᠬᠤ ᠵᠡᠷᠭᠡ ᠠᠵᠢᠯ ᠢ ᠪᠦᠬᠦ ᠲᠠᠯ᠎ᠠ ᠪᠠᠷ ᠠᠬᠢᠭᠤᠯᠵᠤ᠂ ᠨᠠᠭᠤᠷ ᠭᠤᠣᠯ ᠤᠨ ᠬᠤᠶᠠᠷ ᠡᠷᠭᠢ ᠶᠢᠨ ᠣᠷᠴᠢᠨ ᠲᠣᠭᠤᠷᠢᠨ ᠤ ᠵᠠᠰᠠᠯᠳᠠ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠡᠶ᠎ᠡ ᠵᠣᠬᠢᠴᠠᠩᠭᠤᠢ ᠠᠮᠢ ᠠᠬᠤᠢ ᠶᠢᠨ ᠦᠵᠡᠮᠵᠢ ᠶᠢ ᠪᠤᠢ ᠪᠣᠯᠭᠠᠬᠤ ᠬᠡᠷᠡᠭᠲᠡᠢ᠃ ᠣᠳᠣᠬᠠᠨ ᠤ ᠪᠠᠶᠢᠳᠠᠯ ᠳᠠᠭᠠᠨ ᠰᠠᠭᠤᠷᠢᠯᠠᠵᠤ᠂ ᠪᠠᠶᠢᠷᠢ ᠲᠣᠭᠲᠠᠭᠠᠯᠲᠠ ᠪᠠᠨ ᠣᠨᠣᠪᠴᠢᠲᠠᠢ ᠣᠯᠵᠤ᠂ ᠠᠯᠤᠰ ᠬᠡᠳᠦ ᠶᠢ ᠪᠤᠳᠤᠯᠬᠢᠯᠠᠨ᠂ ᠠᠵᠢᠯ ᠡᠭᠦᠷᠭᠡ ᠪᠠᠨ ᠤᠯᠠᠮ  ᠲᠣᠳᠣᠷᠬᠠᠶᠢᠯᠠᠵᠤ᠂ ᠬᠤᠳᠠ ᠶᠢᠨ ᠪᠠᠶᠢᠭᠤᠯᠤᠯᠲᠠ ᠳᠤ ᠣᠷᠣᠰᠢᠵᠤ ᠪᠠᠶᠢᠭ᠎ᠠ ᠡᠯ᠎ᠡ ᠲᠦᠷᠦᠯ ᠤᠨ ᠲᠤᠪᠤᠶᠢᠮ᠎ᠠ ᠠᠰᠠᠭᠤᠳᠠᠯ ᠢ ᠴᠢᠩᠭ᠎ᠠ ᠠᠳᠬᠤᠨ᠂ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ ᠪᠠᠶᠢᠭᠠᠳ ᠴᠡᠪᠡᠷ ᠴᠡᠮᠴᠡᠭᠡᠷ ᠠᠮᠤᠷ ᠠᠮᠤᠭᠤᠯᠠᠩ ᠡᠮᠬᠢ ᠳᠢᠭᠯᠢᠮ ᠲᠠᠢ ᠬᠤᠳᠠ ᠬᠥᠳᠡᠭᠡ ᠶᠢᠨ ᠣᠷᠴᠢᠨ ᠲᠣᠭᠤᠷᠢᠨ ᠢ ᠪᠤᠢ ᠪᠣᠯᠭᠠᠬᠤ ᠬᠡᠷᠡᠭᠲᠡᠢ ᠭᠡᠪᠡ᠃ ᠣᠷᠣᠨ ᠰᠠᠭᠤᠴᠠ ᠪᠠ ᠬᠤᠳᠠ ᠬᠥᠳᠡᠭᠡ ᠶᠢᠨ ᠪᠦᠳᠦᠭᠡᠨ ᠪᠠᠶᠢᠭᠤᠯᠤᠯᠲᠠ ᠶᠢᠨ ᠲᠤᠪᠴᠢᠶ᠎ᠠ᠂ ᠲᠠᠷᠢᠶᠠᠯᠠᠩ ᠮᠠᠯ ᠠᠵᠤ ᠠᠬᠤᠢ ᠰᠢᠨᠵᠢᠯᠡᠭᠡ ᠮᠡᠷᠭᠡᠵᠢᠯ ᠤᠨ ᠲᠤᠪᠴᠢᠶ᠎ᠠ᠂ ᠤᠢ ᠰᠢᠭᠤᠢ ᠨᠤᠳᠤᠭ ᠪᠡᠯᠴᠢᠭᠡᠷ ᠤᠨ ᠲᠤᠪᠴᠢᠶ᠎ᠠ᠂ ᠬᠤᠳᠠ ᠶᠢᠨ ᠬᠠᠮᠢᠶᠠᠷᠤᠯᠲᠠ ᠶᠢᠨ ᠲᠤᠪᠴᠢᠶ᠎ᠠ᠂ ᠤᠰᠤᠨ ᠠᠰᠢᠭᠯᠠᠯᠲᠠ ᠶᠢᠨ ᠲᠤᠪᠴᠢᠶ᠎ᠠ᠂ ᠪᠤᠤᠴᠠᠩ ᠪᠠᠯᠭᠠᠰᠤᠨ ᠤ ᠭᠤᠣᠯ ᠬᠠᠷᠢᠭᠤᠴᠠᠯᠭᠠᠲᠠᠨ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号