ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ︽ᠬᠤᠶᠠᠷ ᠲᠤ ᠤᠷᠤᠬᠤ︾ ᠠᠵᠢᠯ ᠤᠨ ᠭᠦᠨᠵᠡᠭᠡᠶᠢᠷᠡᠨ ᠪᠣᠳᠠᠲᠠᠶᠢᠵᠢᠬᠤ ᠶᠢ  ᠠᠬᠢᠭᠤᠯᠤᠨ᠎ᠠ
ᠨᠡᠶᠢᠲᠡᠯᠡᠭᠰᠡᠨ ᠴᠠᠭ᠄
2025/5/15
  ︽ᠬᠤᠶᠠᠷ ᠲᠤ ᠤᠷᠤᠬᠤ︾ ᠠᠵᠢᠯ ᠤᠨ ᠭᠦᠨᠵᠡᠭᠡᠶᠢᠷᠡᠨ ᠪᠣᠳᠠᠲᠠᠶᠢᠵᠢᠬᠤ ᠶᠢ ᠤᠯᠠᠮ ᠠᠬᠢᠭᠤᠯᠬᠤ ᠶᠢᠨ ᠲᠥᠯᠥᠭᠡ ᠲᠠᠶᠢᠹᠤᠰᠧ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠨᠢ ︽ᠠᠷᠠᠳ ᠤᠨ ᠲᠥᠯᠥᠭᠡᠯᠡᠭᠴᠢᠳ ᠤᠨ ︿ᠬᠤᠶᠠᠷ ᠲᠤ ᠣᠷᠣᠬᠤ﹀ ᠠᠵᠢᠯ ᠢ ᠥᠷᠨᠢᠭᠦᠯᠬᠦ ᠲᠤᠬᠠᠶ ᠬᠡᠷᠡᠭᠵᠢᠭᠦᠯᠬᠦ ᠲᠦᠰᠦᠪ︾ ᠢ ᠲᠣᠭᠲᠠᠭᠠᠨ ᠨᠡᠶᠢᠳᠡᠯᠡᠭᠰᠡᠨ ᠪᠦᠭᠡᠳ ᠡᠯ᠎ᠡ ᠰᠤᠮᠤ ᠰᠢᠶᠠᠩ ᠪᠠᠯᠭᠠᠰᠤᠨ ᠳᠤ ᠬᠦᠨᠵᠡᠬᠡᠶᠢᠷᠡᠵᠦ ᠠᠵᠢᠯ ᠤᠨ ᠨᠠᠶᠢᠳᠠᠪᠤᠷᠢᠵᠢᠭᠤᠯᠤᠯᠲᠠ ᠶᠢ ᠬᠡᠷᠬᠢᠨ ᠠᠬᠢᠭᠤᠯᠬᠤ ᠲᠤᠬᠠᠶ ᠪᠠᠶᠢᠴᠠᠭᠠᠨ ᠵᠢᠯᠤᠭᠤᠳᠴᠤ ᠪᠠᠶᠢᠨ᠎ᠠ᠃  ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠯᠢᠦ ᠲᠢᠩ ᠰᠢᠤ᠂ ᠲᠥᠯᠥᠭᠡᠯᠡᠭᠴᠢᠳ ᠤᠨ ᠠᠵᠢᠯ ᠤᠨ ᠵᠥᠪᠯᠡᠯ ᠤᠨ ᠡᠷᠬᠢᠯᠡᠭᠴᠢ ᠭᠦᠸᠧ ᠰᠢᠤᠢ ᠹᠠᠩ᠂  ᠰᠤᠶᠤᠯ ᠰᠤᠷᠭᠠᠨ ᠬᠥᠮᠦᠵᠢᠯ ᠰᠢᠨᠵᠢᠯᠡᠭᠡ ᠮᠡᠷᠭᠡᠵᠢᠯ ᠡᠷᠡᠭᠦᠯ ᠬᠠᠮᠠᠭᠠᠯᠠᠯ ᠠᠷᠠᠳ ᠤᠨ ᠶᠠᠪᠤᠳᠠᠯ ᠬᠠᠷᠢᠶᠠᠲᠤ ᠶᠢᠨ ᠠᠵᠢᠯ ᠤᠨ ᠵᠥᠪᠯᠡᠯ ᠤᠨ ᠡᠷᠬᠢᠯᠡᠭᠴᠢ ᠸᠠᠩ ᠸᠧᠨ ᠶᠢᠩ ᠡᠨᠡ ᠤᠳᠠᠭᠠᠨ ᠤ ᠪᠠᠶᠢᠴᠠᠭᠠᠨ ᠵᠢᠯᠣᠭᠤᠳᠬᠤ ᠠᠵᠢᠯ ᠳᠤ ᠣᠷᠣᠯᠴᠠᠪᠠ᠃ ᠪᠠᠶᠢᠴᠠᠭᠠᠨ ᠵᠢᠯᠣᠭᠤᠳᠬᠤ ᠳᠤᠭᠤᠶᠢᠯᠠᠩ ᠨᠢ ᠡᠯ᠎ᠡ ᠰᠤᠮᠤ ᠰᠢᠶᠠᠩ ᠪᠠᠯᠭᠠᠰᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠡᠷᠢᠭᠦᠯᠡᠭᠴᠢᠳ ᠤᠨ ᠪᠦᠯᠬᠦᠮ ᠤᠨ ᠠᠵᠢᠯ ᠢᠶᠠᠨ ᠥᠷᠨᠢᠭᠦᠯᠦᠭᠰᠡᠨ ᠪᠠᠶᠢᠳᠠᠯ ᠢ ᠨᠠᠷᠢᠨ ᠣᠶᠢᠯᠠᠭᠠᠬᠤ ᠶᠢᠨ ᠬᠠᠮᠲᠤ᠂ ᠬᠡᠷᠬᠢᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠵᠤ ᠪᠠᠶᠢᠭᠠᠳ ︽ᠠᠷᠠᠳ ᠤᠨ  ᠲᠦᠯᠦᠭᠡᠯᠡᠭᠴᠢᠳ ᠤᠨ ᠭᠡᠷ︾ ︽ᠠᠷᠠᠳ ᠤᠨ ᠲᠥᠯᠥᠭᠡᠯᠡᠭᠴᠢᠳ ᠤᠨ ᠬᠠᠷᠢᠯᠴᠠᠬᠤ ᠥᠷᠲᠡᠭᠡ︾  ︽ᠤᠶᠤᠨᠲᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠠᠪᠴᠠᠩ︾ ᠳᠤ ᠲᠦᠰᠢᠭᠯᠡᠨ ᠬᠦᠳᠡᠯᠪᠦᠷᠢ ᠠᠵᠢᠯᠯᠠᠭ᠎ᠠ ᠥᠷᠨᠢᠭᠦᠯᠬᠦ ᠲᠤᠬᠠᠢ ᠰᠠᠨᠠᠯ ᠢᠶᠠᠨ ᠰᠤᠯᠢᠯᠴᠠᠵᠠᠢ᠃ ᠯᠢᠦ ᠲᠢᠩ ᠰᠢᠤ ᠴᠢᠬᠤᠯᠠᠴᠢᠯᠠᠬᠤ ᠳᠠᠭᠠᠨ᠂ ᠡᠯ᠎ᠡ ᠰᠤᠮᠤ ᠰᠢᠶᠠᠩ ᠪᠠᠯᠭᠠᠰᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠨᠢ  ︽ᠬᠤᠶᠠᠷ ᠲᠤ ᠤᠷᠤᠬᠤ︾ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠲᠥᠯᠥᠭᠡᠯᠡᠭᠴᠢᠳ ᠢ ᠵᠣᠬᠢᠶᠠᠨ ᠪᠠᠶᠢᠭᠤᠯᠵᠤ ᠪᠠᠶᠢᠭᠠᠳ ᠡᠨᠡᠬᠦ ᠠᠵᠢᠯ ᠢ ᠰᠠᠶᠢᠲᠤᠷ ᠦᠷᠨᠢᠬᠦᠯᠦᠨ᠂ ᠠᠵᠢᠯᠯᠠᠭ᠎ᠠ ᠨᠢ ᠡᠷᠴᠢ ᠬᠦᠴᠦ ᠲᠠᠢ᠂ ᠡᠮᠬᠢ ᠵᠢᠷᠤᠮ ᠲᠠᠢ᠂ ᠦᠷ᠎ᠡ ᠪᠦᠳᠦᠮᠵᠢ ᠲᠠᠢ ᠪᠠᠶᠢᠬᠤ ᠶᠢ ᠪᠠᠲᠤᠯᠠᠬᠤ ᠬᠡᠷᠡᠭᠲᠡᠶ᠃  ᠲᠥᠯᠥᠭᠡᠯᠡᠭᠴᠢᠳ ᠤᠨ ᠰᠠᠨᠠᠯ ᠰᠠᠨᠠᠭᠤᠯᠭ᠎ᠠ ᠶᠢ ᠬᠤᠷᠢᠶᠠᠬᠤ᠂ ᠰᠢᠢᠳᠪᠦᠷᠢᠯᠡᠬᠦ᠂ ᠲᠤᠰᠬᠠᠬᠤ ᠵᠡᠷᠭᠡ ᠠᠵᠢᠯ ᠤᠨ ᠲᠣᠭᠲᠠᠴᠠ ᠶᠢ ᠤᠯᠠᠮ ᠲᠡᠭᠦᠯᠳᠡᠷᠵᠢᠭᠦᠯᠵᠦ᠂ ᠠᠷᠠᠳ ᠣᠯᠠᠨ ᠤ ︽ᠪᠠᠴᠢᠮᠳᠠᠵᠤ ᠬᠦᠴᠢᠷᠳᠡᠵᠦ ᠵᠤᠪᠠᠨᠢᠵᠤ ᠬᠦᠰᠡᠵᠦ︾ ᠪᠠᠶᠢᠭ᠎ᠠ ᠠᠰᠠᠭᠤᠳᠠᠯ ᠢ  ᠰᠠᠶᠢᠲᠤᠷ ᠰᠢᠢᠳᠪᠦᠷᠢᠯᠡᠨ᠂ ᠠᠵᠢᠯᠯᠠᠭ᠎ᠠ ᠶᠢ ᠪᠦᠬᠦᠯᠢ ᠴᠣᠭᠴᠠ ᠪᠠᠷ ᠠᠬᠢᠭᠤᠯᠵᠤ᠂ ᠭᠦᠨᠵᠡᠭᠡᠶ ᠥᠷᠨᠢᠭᠦᠯᠵᠦ᠂ ᠦᠷ᠎ᠡ ᠠᠮᠵᠢᠯᠳᠠ ᠭᠠᠷᠭᠠᠬᠤ ᠬᠡᠷᠡᠭᠲᠡᠶ ᠭᠡᠪᠡ᠃
 
ᠢᠷᠡᠯᠲᠡ᠄ ᠲᠠᠶᠢᠹᠤᠰᠧ ᠬᠤᠰᠢᠭᠤᠨ ᠤ ᠠᠷᠠᠳ ᠶᠢᠨ ᠲᠥᠯᠥᠭᠡᠯᠡᠭᠴᠢᠳ ᠶᠢᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号