5 ᠰᠠᠷ᠎ᠠ ᠶᠢᠨ 15 ᠤ ᠡᠳᠦᠷ᠂ ᠲᠠᠶᠢᠹᠤᠰᠧ ᠬᠤᠰᠢᠭᠤ ᠣᠢ ᠰᠢᠭᠤᠢ ᠨᠤᠳᠤᠭ ᠪᠡᠯᠴᠢᠭᠡᠷ ᠢ ᠡᠪᠳᠡᠭᠰᠡᠨ ᠬᠠᠤᠯᠢ | ᠪᠤᠰᠤ ᠠᠵᠢᠯᠯᠠᠭ᠎ᠠ ᠶᠢ ᠲᠥᠪᠯᠡᠷᠡᠭᠦᠯᠦᠨ ᠴᠡᠭᠴᠡᠯᠡᠬᠦ ᠲᠤᠰᠬᠠᠢ ᠲᠤᠭᠳᠠᠯᠴᠠᠭᠠᠨ ᠤ ᠠᠵᠢᠯ ᠢ ᠠᠬᠢᠭᠤᠯᠬᠤ ᠬᠤᠷᠠᠯ | ᠬᠤᠷᠠᠯᠳᠤᠭᠤᠯᠵᠤ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ ᠳ᠋ᠠᠶ ᡁᠢ ᠷᠦᠢ ᠬᠤᠷᠠᠯ ᠳᠤ ᠣᠷᠣᠯᠴᠠᠨ ᠶᠠᠷᠢᠶ᠎ᠠ | ᠲᠠᠯᠪᠢᠵᠤ᠂ ᠳᠡᠳ᠋ ᠬᠤᠰᠢᠭᠤ ᠳᠠᠷᠤᠭ᠎ᠠ ᠵᠠᠩ ᠶᠦᠩ ᠯᠢ ᠬᠤᠷᠠᠯ ᠢ ᠡᠷᠭᠢᠯᠡᠭᠰᠡᠨ ᠪᠥᠭᠡᠳ ᠬᠠᠮᠢᠶ᠎ᠠ ᠪᠦᠬᠦᠢ ᠠᠵᠢᠯ ᠢ | ᠪᠠᠶᠢᠷᠢᠯᠠᠭᠤᠯᠪᠠ᠃ ᠬᠤᠷᠠᠯ ᠠᠴᠠ᠂ ᠡᠯ᠎ᠡ ᠰᠤᠮᠤ ᠰᠢᠶᠠᠩ ᠪᠠᠯᠭᠠᠰᠤ ᠡᠯ᠎ᠡ ᠰᠠᠯᠠᠭ᠎ᠠ ᠮᠥᠴᠢᠷ ᠤᠨ ᠬᠢᠨ ᠨᠠᠷᠢᠨ | ᠬᠢᠨᠠᠮᠠᠭᠠᠢ ᠰᠤᠳᠤᠯᠤᠨ ᠮᠠᠭᠠᠳᠯᠠᠵᠤ᠂ ᠬᠢᠨᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠤᠨ ᠠᠬᠢᠴᠠ ᠶᠢ | ᠲᠦᠷᠭᠡᠳᠬᠡᠬᠦ ᠬᠡᠷᠡᠭᠲᠡᠢ᠃ ᠬᠠᠪᠤᠷ ᠤᠨ ᠲᠠᠷᠢᠶᠠᠯᠠᠭ᠎ᠠ᠂ ᠨᠠᠮᠤᠷ ᠤᠨ ᠬᠤᠷᠢᠶᠠᠯᠲᠠ ᠵᠡᠷᠭᠡ ᠤᠢ ᠰᠢᠭᠤᠢ ᠨᠤᠳᠤᠭ | ᠪᠡᠯᠴᠢᠭᠡᠷ ᠲᠤ ᠡᠪᠳᠡᠯᠭᠡ ᠤᠴᠠᠷᠠᠭᠤᠯᠬᠤ ᠵᠠᠩᠭᠢᠯᠠᠭ᠎ᠠ ᠶᠢᠨ ᠴᠠᠭ ᠬᠤᠭᠤᠴᠠᠭ᠎ᠠ ᠶᠢ ᠰᠠᠶᠢᠳᠤᠷ ᠠᠩᠬᠠᠷᠴᠤ᠂ | ᠤᠯᠤᠰ ᠤᠨ ᠭᠠᠵᠠᠷ ᠰᠢᠷᠣᠢ ᠶᠢᠨ ᠨᠣᠭᠤᠭᠠᠷᠠᠭᠤᠯᠤᠯᠲᠠ ᠶᠢᠨ ᠲᠦᠷᠦᠯ ᠵᠦᠢᠯ ᠤᠨ ᠣᠷᠣᠨ᠂ ︽ᠤᠮᠠᠷᠠᠲᠤ ᠶᠢᠨ | ᠭᠤᠷᠪᠠᠨ ᠤᠷᠤᠨ︾ ᠤ ᠲᠦᠷᠦᠯ ᠵᠦᠢᠯ ᠤᠨ ᠣᠷᠣᠨ᠂ ᠲᠠᠷᠢᠶᠠᠯᠠᠬᠤ ᠶᠢ ᠵᠣᠭᠰᠣᠭᠠᠵᠤ ᠠᠮᠢ ᠠᠬᠤᠢ ᠶᠢ ᠰᠡᠷᠬᠦᠬᠡᠬᠦ | ᠲᠦᠷᠦᠯ ᠵᠦᠢᠯ ᠤᠨ ᠣᠷᠣᠨ ᠵᠡᠷᠭᠡ ᠭᠤᠣᠯᠳᠠᠯᠭ᠎ᠠ ᠲᠠᠢ ᠭᠠᠵᠠᠷ ᠣᠷᠣᠨ ᠢ ᠰᠠᠶᠢᠳᠤᠷ ᠠᠩᠬᠠᠷᠴᠤ᠂ ︽ᠨᠢᠭᠡ ᠬᠥᠯᠭᠡ | ᠰᠢᠳᠠᠷ᠎ᠠ︾ ᠶᠢᠨ ᠦᠵᠡᠯ ᠰᠠᠨᠠᠭ᠎ᠠ ᠶᠢ ᠪᠠᠲᠤ ᠪᠤᠢ ᠪᠤᠯᠭᠠᠨ᠂ ᠬᠢᠨᠠᠨ ᠬᠠᠮᠢᠶᠠᠷᠬᠤ ᠬᠠᠷᠢᠭᠤᠴᠠᠯᠭ᠎ᠠ ᠶᠢ | ᠪᠣᠳᠠᠲᠠᠶᠢᠵᠢᠭᠤᠯᠵᠤ᠂ ᠠᠮᠢᠳᠤᠯᠢᠭ ᠴᠠᠭᠳᠠᠨ ᠪᠠᠶᠢᠴᠠᠭᠠᠯᠲᠠ ᠪᠠ ᠲᠣᠭᠲᠠᠮᠠᠯ ᠬᠤᠭᠤᠴᠠᠭ᠎ᠠ ᠲᠠᠢ ᠪᠠᠶᠢᠴᠠᠭᠠᠯᠳᠠ ᠶᠢ | ᠴᠢᠩᠭᠠᠳᠬᠠᠨ᠂ ᠤᠯᠠᠨ ᠠᠷᠭ᠎ᠠ ᠵᠠᠮ ᠢᠶᠠᠷ ᠤᠬᠠᠭᠤᠯᠭ᠎ᠠ ᠰᠤᠷᠳᠠᠯᠴᠢᠯᠠᠭ᠎ᠠ ᠬᠢᠵᠦ᠂ ᠤᠢ ᠰᠢᠭᠤᠢ ᠨᠤᠲᠤᠭ | ᠪᠡᠯᠴᠢᠭᠡᠷ ᠤᠨ ᠡᠬᠢ ᠪᠠᠶᠠᠯᠢᠭ ᠢ ᠬᠠᠮᠠᠭᠠᠯᠠᠨ᠂ ᠤᠮᠠᠷᠠᠲᠤ ᠶᠢᠨ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ | ᠪᠠᠬᠢᠵᠢᠭᠦᠯᠬᠦ ᠳᠤ ᠬᠦᠴᠦᠨ ᠴᠢᠳᠠᠯ ᠢᠶᠠᠨ ᠡᠷᠭᠦᠬᠦ ᠬᠡᠷᠡᠭᠲᠡᠢ ᠬᠡᠵᠦ ᠴᠢᠬᠤᠯᠠᠴᠢᠯᠠᠭᠰᠠᠨ ᠪᠠᠶᠢᠨ᠎ᠠ᠃ ᠬᠤᠷᠠᠯ ᠲᠡᠭᠡᠷ᠎ᠡ | ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠳᠠᠨ ᠨᠠᠷ ᠠᠴᠠ ᠲᠥᠪᠯᠡᠷᠡᠭᠦᠯᠦᠨ ᠴᠡᠭᠴᠡᠯᠡᠬᠦ ᠠᠵᠢᠯ ᠤᠨ | ᠠᠬᠢᠴᠠ ᠶᠢᠨ ᠲᠤᠬᠠᠢ ᠬᠠᠷᠢᠭᠤ ᠮᠡᠳᠡᠬᠦᠯᠦᠯᠳᠡ ᠬᠢᠵᠡᠢ᠃ |