ᠪᠡᠭᠡᠵᠢᠩ ᠥᠪᠥᠷ ᠮᠣᠩᠭᠤᠯ ᠾᠧᠪᠧᠢ ᠤᠷᠤᠨ ᠤ ᠫᠢᠩᠫᠠᠩ ᠪᠥᠮᠪᠦᠭᠡ ᠥᠳᠥᠨ ᠪᠥᠮᠪᠦᠭᠡ ᠶᠢᠨ ᠤᠷᠢᠯᠭ᠎ᠠ ᠶᠢᠨ ᠤᠷᠤᠯᠳᠤᠭᠠᠨ ᠡᠬᠢᠯᠡᠪᠡ
ᠨᠡᠶᠢᠲᠡᠯᠡᠭᠰᠡᠨ ᠴᠠᠭ᠄
2025/5/19
  5 ᠰᠠᠷ᠎ᠠ ᠶᠢᠨ 16 ᠤ ᠡᠳᠦᠷ᠂ ᠲᠠᠶᠢᠹᠤᠰᠧ ᠬᠤᠰᠢᠭᠤᠨ ᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠠᠴᠠ ᠭᠤᠤᠯᠯᠠᠨ ᠡᠷᠬᠢᠯᠡᠵᠦ᠂  ᠲᠠᠶᠢᠹᠤᠰᠧ ᠬᠤᠰᠢᠭᠤᠨ ᠤ ᠰᠣᠶᠣᠯ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ ᠠᠴᠠ ᠳᠠᠭᠠᠭᠠᠴᠢᠯᠠᠨ ᠡᠷᠬᠢᠯᠡᠭᠰᠡᠨ ᠳᠣᠯᠣᠳᠤᠭᠠᠷ ᠬᠤᠭᠤᠴᠠᠭᠠᠨ ᠤ ︽ᠳᠤᠮᠳᠠᠳᠤ ᠤᠯᠤᠰ ᠤᠨ ᠪᠡᠶ᠎ᠡ ᠶᠢᠨ ᠲᠠᠮᠢᠷ ᠤᠨ ᠱᠠᠩᠨᠠᠯᠲᠤ ᠰᠤᠭᠤᠯᠤᠭ᠎ᠠ ᠬᠤᠨᠳᠠᠭᠠᠲᠤ︾ ᠪᠡᠭᠡᠵᠢᠩ ᠥᠪᠥᠷ ᠮᠣᠩᠭᠤᠯ ᠾᠧᠪᠸᠢ ᠣᠷᠣᠨ ᠤ ᠫᠢᠩᠫᠠᠩ ᠪᠦᠮᠪᠦᠭᠡ ᠶᠢᠨ ᠤᠷᠢᠯᠭ᠎ᠠ ᠶᠢᠨ ᠤᠷᠤᠯᠳᠤᠭᠠᠨ᠂ ᠨᠠᠢᠮᠠᠳᠤᠭᠠᠷ ᠬᠤᠭᠤᠴᠠᠭᠠᠨ ᠤ ᠪᠡᠭᠡᠵᠢᠩ ᠥᠪᠥᠷ ᠮᠣᠩᠭᠤᠯ ᠾᠧᠪᠸᠢ ᠣᠷᠣᠨ ᠤ ᠥᠳᠥᠨ ᠪᠦᠮᠪᠦᠭᠡ ᠶᠢᠨ ᠤᠷᠢᠯᠭ᠎ᠠ ᠶᠢᠨ ᠤᠷᠤᠯᠳᠤᠭᠠᠨ ᠤ ᠡᠬᠢᠯᠡᠯᠲᠡ ᠶᠢᠨ ᠶᠣᠰᠣᠯᠠᠯ ᠲᠠᠶᠢᠹᠤᠰᠧ ᠬᠤᠰᠢᠭᠤᠨ ᠤ ᠰᠣᠶᠣᠯ ᠤᠨ ᠲᠠᠯᠠᠪᠠᠢ ᠳᠤ ᠶᠠᠪᠤᠭᠳᠠᠯ᠎ᠠ᠃ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠤᠬᠠᠭᠤᠯᠬᠤ ᠬᠡᠯᠲᠡᠰ ᠤᠨ ᠳᠠᠷᠤᠭ᠎ᠠ ᠽᠦᠸᠧ ᡁᠢ ᠭᠦᠸᠧ ᠡᠬᠢᠯᠡᠯᠲᠡ ᠶᠢᠨ ᠦᠭᠡ ᠬᠡᠯᠡᠵᠦ᠂  ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂  ᠳᠡᠳ᠋ ᠬᠤᠰᠢᠭᠤ ᠳᠠᠷᠤᠭ᠎ᠠ ᠹᠠᠨ ᠬᠤᠸᠠ ᠮᠢᠨ ᠤᠷᠤᠯᠳᠤᠭᠠᠨ ᠡᠬᠢᠯᠡᠭᠰᠡᠨ ᠢ ᠵᠠᠷᠯᠠᠨ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠯᠢᠦ ᠲᠢᠩ ᠰᠢᠤ᠂ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠢᠦᠶ ᠴᠧᠩ ᠭᠦᠸᠧ ᠡᠬᠢᠯᠡᠯᠲᠡ ᠶᠢᠨ ᠶᠣᠰᠣᠯᠠᠯ ᠳᠤ ᠣᠷᠣᠯᠴᠠᠪᠠ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号