ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠶᠢᠨ ︵ᠥᠷᠭᠡᠳᠬᠡᠭᠰᠡᠨ︶ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2025/5/19
  5 ᠰᠠᠷ᠎ᠠ ᠶᠢᠨ 16 ᠤ ᠡᠳᠦᠷ᠂ ᠲᠠᠶᠢᠹᠤᠰᠧ ᠬᠤᠰᠢᠭᠤᠨ ᠤ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠬᠤᠷᠢᠨ ᠵᠢᠷᠭᠤᠳᠤᠭᠠᠷ ᠤᠳᠠᠭᠠᠨ ᠤ ᠡᠷᠬᠢᠯᠡᠭᠴᠢ ᠶᠢᠨ ︵ᠥᠷᠭᠡᠳᠬᠡᠭᠰᠡᠨ︶ᠬᠤᠷᠠᠯ ᠬᠤᠷᠠᠯᠳᠤᠵᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠡᠷᠬᠢᠯᠡᠭᠴᠢ ᠰᠢᠶᠧ ᠶᠢᠨ ᠳ᠋ᠦᠩ ᠬᠤᠷᠠᠯ ᠢ  ᠡᠷᠬᠢᠯᠡᠨ᠂ ᠳᠡᠳ᠋ ᠡᠷᠬᠢᠯᠡᠭᠴᠢ ᠪᠠᠭᠠᠲᠤᠷ᠂ ᠯᠢᠦ ᠲᠢᠩ ᠰᠢᠤ᠂ ᠦ᠋ ᠭᠤᠸᠠᠩ ᠹᠧᠩ  ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠯᠪᠠᠨ ᠭᠡᠷ᠂  ᠡᠯ᠎ᠡ ᠠᠵᠢᠯ ᠤᠨ ᠵᠥᠪᠯᠡᠯ ᠤᠨ ᠬᠠᠮᠢᠶ᠎ᠠ ᠪᠦᠬᠦᠢ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃ ᠬᠤᠷᠠᠯ ᠳᠡᠭᠡᠷ᠎ᠡ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠲᠠᠷᠠᠭᠠᠴᠢ ᠶᠢᠨ ᠠᠯᠬᠤᠮ ᠤᠨ ᠠᠵᠢᠯ ᠢ ᠪᠥᠬᠦ ᠲᠠᠯ᠎ᠠ ᠪᠠᠷ ᠲᠣᠬᠢᠷᠠᠭᠤᠯᠤᠨ ᠪᠠᠶᠢᠷᠢᠯᠠᠭᠤᠯᠵᠤ᠂ ᠠᠵᠢᠯ ᠤᠨ ᠬᠠᠷᠠᠯᠲᠠ ᠡᠭᠦᠷᠭᠡ ᠶᠢ ᠲᠤᠳᠤᠷᠬᠠᠶᠢᠯᠠᠭᠰᠠᠨ ᠪᠦᠭᠡᠳ ᠡᠯ᠎ᠡ ᠠᠵᠢᠯ ᠤᠨ ᠵᠥᠪᠯᠡᠯ ᠨᠢ ᠳᠡᠭᠡᠷ᠎ᠡ ᠬᠠᠭᠠᠰ ᠵᠢᠯ ᠤᠨ ᠠᠵᠢᠯ ᠤᠨ ᠪᠠᠶᠢᠳᠠᠯ ᠢᠶᠠᠨ ᠨᠠᠷᠢᠨ ᠲᠣᠳᠣᠷᠬᠠᠶ ᠬᠠᠷᠢᠭᠤ ᠮᠡᠳᠡᠬᠦᠯᠵᠡᠢ᠃ ᠬᠤᠷᠠᠯ ᠲᠡᠭᠡᠷ᠎ᠡ ᠪᠠᠰᠠ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠯ᠎ᠡ ᠠᠵᠢᠯ ᠤᠨ ᠵᠥᠪᠯᠡᠯ ᠵᠢᠴᠢ ᠠᠯᠪᠠᠨ ᠬᠡᠷ ᠤᠨ ᠡᠭᠦᠷᠭᠡ ᠬᠠᠷᠢᠭᠤᠴᠠᠯᠭ᠎ᠠ ᠶᠢ ᠤᠯᠠᠮ ᠨᠢᠬᠡ ᠠᠯᠬᠤᠮ ᠨᠠᠷᠢᠯᠢᠬᠵᠢᠭᠤᠯᠤᠨ ᠲᠣᠳᠣᠷᠬᠠᠶᠢᠯᠠᠵᠤ᠂  ᠡᠯ᠎ᠡ ᠲᠦᠷᠦᠯ ᠤᠨ ᠠᠵᠢᠯ ᠢ ᠡᠮᠬᠢ ᠵᠢᠷᠤᠮ ᠲᠠᠢ ᠦᠷ᠎ᠡ ᠪᠦᠳᠦᠮᠵᠢ ᠲᠠᠢ ᠠᠬᠢᠭᠤᠯᠬᠤ ᠳᠤ ᠪᠠᠳᠤᠯᠠᠭ᠎ᠠ ᠬᠠᠩᠭᠠᠭᠰᠠᠨ  ᠤ ᠬᠠᠮᠳᠤ᠂ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠲᠤᠤᠱᠯᠠᠭᠤᠯᠬᠤ ᠰᠤᠷᠤᠯᠴᠠᠯᠭ᠎ᠠ ᠬᠥᠮᠦᠵᠢᠯ ᠤᠨ ᠬᠠᠮᠢᠶ᠎ᠠ ᠪᠦᠬᠦᠢ ᠱᠠᠭᠠᠷᠳᠠᠯᠭ᠎ᠠ ᠶᠢ ᠤᠯᠠᠮᠵᠢᠯᠠᠨ ᠰᠤᠷᠤᠯᠴᠠᠵᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠢ ᠥᠷᠨᠢᠭᠦᠯᠬᠦ ᠳᠤ ᠰᠠᠬᠢᠯᠭ᠎ᠠ ᠪᠠᠲᠤ ᠶᠢᠨ ᠪᠠᠲᠤᠯᠠᠭ᠎ᠠ ᠬᠠᠩᠭᠠᠭᠰᠠᠨ ᠪᠠᠶᠢᠨ᠎ᠠ᠃
 
ᠢᠷᠡᠯᠲᠡ᠄ ᠲᠠᠶᠢᠹᠤᠰᠧ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号