ᠦᠨᠳᠦᠰᠦᠲᠡᠨ ᠤ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠰᠠᠷ᠎ᠠ — ᠬᠤᠩ ᠴᠢ ᠪᠠᠯᠭᠠᠰᠤ ᠦᠨᠳᠦᠰᠦᠲᠡᠨ ᠤ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠬᠢᠭᠰᠡᠨ
ᠨᠡᠶᠢᠲᠡᠯᠡᠭᠰᠡᠨ ᠴᠠᠭ᠄
2025/5/19
   5 ᠰᠠᠷ᠎ᠠ ᠶᠢᠨ 16 ᠤ ᠡᠳᠦᠷ᠂ ᠬᠤᠩ ᠴᠢ ᠪᠠᠯᠭᠠᠰᠤ ᠦᠨᠳᠦᠰᠦᠲᠡᠨ ᠤ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠰᠠᠷ᠎ᠠ ᠶᠢᠨ ᠲᠥᠪᠯᠡᠷᠡᠩᠭᠦᠶ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠵᠦ᠂ ᠦᠨᠳᠦᠰᠦᠲᠡᠨ ᠤ ᠠᠵᠢᠯ ᠤᠨ ᠬᠠᠤᠯᠢ ᠪᠠᠷ ᠵᠠᠰᠠᠬᠤ ᠬᠢᠷᠢ ᠲᠦᠪᠰᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠨᠠᠮ ᠤᠨ ᠦᠨᠳᠦᠰᠦᠲᠡᠨ ᠤ ᠲᠥᠷᠥ ᠶᠢᠨ ᠪᠣᠳᠣᠯᠭ᠎ᠠ ᠬᠠᠤᠯᠢ ᠴᠠᠭᠠᠵᠠ ᠲᠦᠷᠢᠮ ᠲᠣᠭᠲᠠᠭᠠᠯ ᠢ ᠬᠥᠮᠦᠰ ᠤᠨ ᠰᠡᠳᠬᠢᠯ ᠳᠤ ᠤᠯᠠᠮ ᠬᠦᠨ ᠬᠠᠳᠠᠩᠰᠢᠭᠤᠯᠪᠠ᠃ ᠠᠵᠢᠯᠲᠠᠳ ᠤᠬᠠᠭᠤᠯᠭ᠎ᠠ ᠶᠢᠨ ᠪᠢᠴᠢᠭᠡᠰᠦ ᠡᠯᠬᠦᠬᠦ᠂ ᠤᠬᠠᠭᠤᠯᠭ᠎ᠠ ᠶᠢᠨ  ᠰᠠᠮᠪᠠᠷ᠎ᠠ ᠪᠤᠰᠬᠠᠬᠤ᠂ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠬᠤ ᠵᠡᠷᠭᠡ ᠠᠷᠭ᠎ᠠ ᠬᠡᠯᠪᠡᠷᠢ ᠪᠠᠷ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠪᠣᠯᠤᠨ ᠨᠠᠮ ᠤᠨ ᠦᠨᠳᠦᠰᠦᠲᠡᠨ ᠤ ᠲᠦᠷᠦ ᠶᠢᠨ ᠪᠤᠳᠤᠯᠭ᠎ᠠ ᠬᠠᠤᠯᠢ ᠲᠦᠷᠢᠮ ᠢ ᠠᠷᠠᠳ ᠤᠯᠠᠨ ᠳᠤ ᠤᠬᠠᠭᠤᠯᠬᠤ ᠪᠠᠷ ᠲᠠᠮᠵᠢᠭᠠᠳ᠂  ᠦᠨᠳᠦᠰᠦᠲᠡᠨ ᠤ ᠲᠥᠷᠥ ᠶᠢᠨ ᠪᠣᠳᠣᠯᠭ᠎ᠠ ᠬᠠᠤᠯᠢ ᠲᠦᠷᠢᠮ ᠤᠨ ᠤᠬᠠᠭᠤᠯᠭ᠎ᠠ ᠶᠢᠨ ᠬᠠᠮᠤᠷᠬᠤ ᠬᠡᠪᠴᠢᠶ᠎ᠡ ᠪᠠ ᠨᠥᠯᠥᠭᠡᠯᠡᠬᠦ ᠬᠦᠴᠦᠨ ᠢ ᠥᠷᠭᠡᠳᠬᠡᠵᠦ᠂ ᠣᠯᠠᠨ ᠲᠦᠮᠡᠨ ᠤ ᠨᠠᠮ ᠤᠨ ᠦᠨᠳᠦᠰᠦᠲᠡᠨ ᠤ ᠲᠥᠷᠥ ᠶᠢᠨ ᠪᠣᠳᠣᠯᠭ᠎ᠠ ᠬᠠᠤᠯᠢ ᠲᠦᠷᠢᠮ ᠤᠨ ᠲᠤᠬᠠᠶ ᠣᠶᠢᠯᠠᠭᠠᠯᠲᠠ ᠲᠠᠨᠢᠯᠲᠠ ᠶᠢ ᠬᠦᠨᠵᠡᠬᠡᠶᠢᠷᠡᠬᠦᠯᠦᠨ᠂ ᠦᠨᠳᠦᠰᠦᠲᠡᠨ ᠨᠦᠭᠦᠳ ᠪᠦᠯᠬᠦᠮᠳᠡᠯ ᠲᠠᠢ  ᠂ ᠨᠡᠶᠢᠭᠡᠮ ᠡᠶ᠎ᠡ ᠵᠣᠬᠢᠴᠠᠯ ᠲᠠᠢ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠤᠯᠭᠠᠵᠠᠢ᠃ ᠳᠠᠷᠠᠭᠠᠴᠢ ᠶᠢᠨ ᠠᠯᠬᠤᠮ ᠳᠤ᠂ ᠬᠤᠩ ᠴᠢ ᠪᠠᠯᠭᠠᠰᠤ ᠨᠢ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠪᠠᠷ ᠭᠤᠣᠯ ᠰᠢᠵᠢᠮ ᠪᠤᠯᠭᠠᠨ᠂ ᠤᠬᠠᠭᠤᠯᠭ᠎ᠠ ᠶᠢᠨ ᠠᠭᠤᠯᠭ᠎ᠠ ᠶᠢ ᠪᠠᠶᠠᠯᠢᠭᠵᠢᠭᠤᠯᠵᠤ᠂ ᠤᠬᠠᠭᠤᠯᠭ᠎ᠠ  ᠶᠢᠨ ᠬᠡᠯᠪᠡᠷᠢ ᠶᠢ ᠰᠢᠨᠡᠴᠢᠯᠡᠨ᠂ ᠦᠨᠳᠦᠰᠦᠲᠡᠨ ᠤ ᠪᠦᠯᠬᠦᠮᠳᠡᠯ ᠤᠨ ᠬᠠᠮᠢᠶᠠᠳᠠᠢ ᠤᠬᠠᠭᠤᠯᠭ᠎ᠠ ᠶᠢᠨ ᠠᠵᠢᠯᠯᠠᠭ᠎ᠠ ᠶᠢ ᠪᠠᠶᠢᠩᠭᠤ ᠥᠷᠨᠢᠭᠦᠯᠵᠦ᠂ ᠪᠦᠬᠦ ᠪᠠᠯᠭᠠᠰᠤᠨ ᠤ ᠦᠨᠳᠦᠰᠦᠲᠡᠨ ᠤ ᠬᠦᠷᠢᠶ᠎ᠡ ᠴᠠᠷᠠᠭᠠᠨ ᠤ ᠠᠮᠤᠷ  ᠲᠣᠭᠲᠠᠭᠤᠨ ᠢ  ᠪᠠᠳᠤᠯᠠᠬᠤ ᠪᠠᠷ ᠪᠠᠶᠢᠨ᠎ᠠ᠃  
 
ᠢᠷᠡᠯᠲᠡ᠄ ᠬᠤᠩ ᠴᠢ ᠪᠠᠯᠭᠠᠰᠤᠨ ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号